| 7 ᠰᠠᠷ᠎ᠠ ᠶᠢᠨ 7 ᠤ ᠡᠳᠦᠷ᠂ ᠪᠠᠭᠠᠷᠢᠨ ᠵᠡᠭᠦᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠮᠠ ᠰᠢᠶᠤᠤ ᠳ᠋ᠦᠩ ᠨᠡᠷ ᠮᠠᠨ ᠤ ᠬᠤᠰᠢᠭᠤᠨ ᠳᠤ | ᠢᠷᠡᠵᠦ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠰᠢᠨᠵᠢᠯᠡᠨ ᠪᠠᠶᠢᠴᠠᠭᠠᠵᠤ᠂ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠷᠧᠨ ᠸᠧᠶ | ᠪᠠᠷ᠎ᠠ ᠪᠣᠯᠵᠤ ᠪᠠᠶᠢᠴᠠᠭᠠᠪᠠ᠃ | ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠮᠠ ᠴᠠᠩ ᠯᠢᠶᠠᠩ ᠤᠨ ᠠᠮᠢ ᠠᠬᠤᠶ ᠶᠢᠨ | ᠪᠣᠯᠪᠠᠰᠤᠨ ᠤ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠰᠠᠭᠤᠷᠢᠨ ᠭᠠᠵᠠᠷ ᠪᠠ ᠯᠢᠶᠠᠨ ᠵᠠᠩ ᠱᠠᠨ | ᠠᠭᠤᠯᠠᠨ ᠤ ᠰᠤᠷᠭᠠᠨ ᠬᠥᠮᠦᠵᠢᠯ ᠤᠨ ᠰᠠᠭᠤᠷᠢᠨ ᠭᠠᠵᠠᠷ ᠲᠤ ᠬᠦᠷᠴᠦ ᠲᠤᠬᠠᠶ ᠶᠢᠨ ᠭᠠᠵᠠᠷ ᠲᠤᠨᠢ ᠰᠢᠨᠵᠢᠯᠡᠨ | ᠪᠠᠶᠢᠴᠠᠭᠠᠵᠤ᠂ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ᠂ ᠲᠠᠶᠢᠯᠤᠮᠵᠢ ᠰᠣᠨᠣᠰᠬᠤ᠂ ᠲᠤᠬᠠᠶ ᠶᠢᠨ | ᠭᠠᠵᠠᠷ ᠲᠤᠨᠢ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠮᠠᠨ ᠤ ᠬᠤᠰᠢᠭᠤᠨ ᠤ ᠠᠮᠢ ᠠᠬᠤᠶ ᠶᠢᠨ | ᠪᠥᠲᠥᠭᠡᠨ ᠪᠠᠶᠢᠭᠤᠯᠤᠯᠲᠠ ᠶᠢᠨ ᠬᠡᠷᠡᠯ ᠰᠠᠴᠤᠷᠠᠩᠭᠤᠶ ᠥᠩᠭᠡᠷᠡᠯᠲᠡ ᠪᠠ ᠭᠤᠤᠯ ᠲᠤᠷᠰᠢᠯᠭ᠎ᠠ ᠠᠷᠭ᠎ᠠ ᠬᠢᠳᠡᠯ ᠢ ᠨᠠᠷᠢᠨ | ᠣᠶᠢᠯᠠᠭᠠᠪᠠ᠃ | ᠰᠢᠨᠵᠢᠯᠡᠨ ᠪᠠᠶᠢᠴᠠᠭᠠᠬᠤ ᠶᠠᠪᠤᠴᠠ ᠳᠤ᠂ ᠷᠧᠨ ᠸᠧᠶ ᠠᠴᠠ᠂ ᠠᠤᠬᠠᠨ ᠬᠤᠰᠢᠭᠤᠨ ᠤ ᠠᠮᠢ ᠠᠬᠤᠶ ᠶᠢᠨ | ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠢᠯᠪᠠᠷ ᠪᠤᠰᠤ ᠪᠠᠷ ᠣᠯᠤᠭᠰᠠᠨ ᠶᠤᠮ᠂ ᠡᠭᠦᠨ ᠢ ᠠᠤᠬᠠᠨ | ᠬᠥᠮᠦᠨ ᠬᠦᠴᠦ ᠬᠥᠯᠥᠰᠥ ᠪᠠᠷ ᠢᠶᠠᠨ ᠪᠦᠲᠦᠭᠡᠭᠰᠡᠨ ᠶᠤᠮ᠃ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ | ᠶᠠᠪᠤᠴᠠ ᠳᠤ᠂ ᠠᠤᠬᠠᠨ ᠬᠤᠰᠢᠭᠤᠨ ᠤ ᠨᠠᠮ ᠤᠨ ᠭᠡᠰᠢᠭᠦᠨ ᠲᠦᠷᠦᠭᠦᠯᠡᠨ᠂ ᠣᠯᠠᠨ ᠲᠦᠮᠡᠨ ᠬᠥᠳᠡᠯᠦᠯᠴᠡᠨ᠂ ᠪᠥᠬᠦ | ᠠᠷᠠᠳ ᠢᠶᠠᠷ ᠢᠶᠠᠨ ᠴᠥᠮ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠳᠤ ᠣᠷᠣᠯᠴᠠᠵᠤ᠂ | ᠪᠣᠳᠠᠲᠤ ᠠᠵᠢᠯᠯᠠᠭ᠎ᠠ ᠪᠠᠷ ᠢᠶᠠᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠶ ᠠᠯᠲᠠᠨ ᠮᠥᠩᠭᠦᠨ ᠠᠭᠤᠯᠠ | ᠮᠥᠨ︾ ᠭᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠪᠡ ᠭᠡᠵᠦ ᠵᠢᠭᠠᠨ ᠭᠠᠷᠭᠠᠪᠠ᠃ | ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠠᠮᠢ ᠠᠬᠤᠶ ᠶᠢᠨ ᠪᠠᠶᠢᠭᠤᠯᠤᠯᠲᠠ ᠶᠢᠨ | ᠠᠵᠢᠯ ᠤᠨ ᠣᠯᠤᠭᠰᠠᠨ ᠠᠮᠵᠢᠯᠲᠠ ᠶᠢ ᠳᠡᠭᠡᠳᠦ ᠬᠡᠮᠵᠢᠶ᠎ᠡ ᠪᠠᠷ ᠦᠨᠡᠯᠡᠵᠡᠶ᠃ ᠡᠭᠦᠨ ᠤ ᠬᠠᠮᠲᠤ᠂ ᠬᠤᠶᠢᠰᠢᠳᠠ ᠶᠢᠨ | ᠠᠵᠢᠯ ᠳᠤᠮᠳᠠ ᠪᠠᠨ ᠮᠠᠨ ᠤ ᠬᠤᠰᠢᠭᠤᠨ ᠤ ᠠᠮᠢ ᠠᠬᠤᠶ ᠶᠢᠨ ᠪᠠᠶᠢᠭᠤᠯᠤᠯᠲᠠ ᠶᠢᠨ ᠲᠠᠯ᠎ᠠ ᠪᠠᠷ ᠬᠢ ᠲᠤᠷᠰᠢᠯᠭ᠎ᠠ ᠪᠠ | ᠠᠷᠭ᠎ᠠ ᠪᠠᠷ ᠲᠣᠯᠢ ᠪᠣᠯᠭᠠᠨ᠎ᠠ᠃ ᠡᠭᠦᠨ ᠤ ᠬᠠᠮᠲᠤ ᠬᠤᠶᠠᠷ ᠲᠠᠯ᠎ᠠ ᠪᠠᠷ ᠢᠶᠠᠨ ᠰᠣᠯᠢᠯᠴᠠᠭ᠎ᠠ ᠪᠠᠨ ᠤᠯᠠᠮ ᠴᠢᠨᠠᠭᠰᠢᠳᠠ | ᠴᠢᠩᠭᠠᠳᠬᠠᠵᠤ᠂ ᠬᠠᠮᠲᠤᠷᠠᠯᠴᠠᠭ᠎ᠠ ᠪᠠᠨ ᠥᠷᠭᠡᠳᠬᠡᠵᠦ᠂ ᠬᠤᠶᠠᠷ ᠭᠠᠵᠠᠷ ᠤᠨ ᠴᠢᠨᠠᠷ ᠰᠠᠶᠢᠲᠠᠢ ᠬᠥᠭᠵᠢᠯᠲᠡ ᠶᠢᠨ | ᠰᠠᠶᠢᠨ ᠰᠠᠶᠢᠬᠠᠨ ᠢᠷᠡᠭᠡᠳᠦᠢ ᠶᠢ ᠬᠠᠮᠲᠤᠪᠠᠷ ᠴᠣᠭᠴᠠᠯᠠᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | | |