ᠵᠠᠩ ᠭᠦᠸᠧ ᠴᠦᠨ ᠲᠤᠰᠬᠠᠶ ᠮᠡᠷᠭᠡᠵᠢᠯᠲᠡᠨ ᠡᠷᠳᠡᠮᠲᠡᠨ ᠢ ᠳᠠᠭᠠᠭᠤᠯᠤᠨ ᠮᠠᠨ ᠤ ᠬᠤᠰᠢᠭᠤᠨ ᠳᠤ ᠢᠷᠡᠵᠦ ᠬᠠᠭᠤᠴᠢ ᠰᠤᠳᠤᠯᠤᠯ ᠤᠨ ᠠᠵᠢᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2023/7/10
   7 ᠰᠠᠷ᠎ᠠ ᠶᠢᠨ 5 ᠤ ᠡᠳᠦᠷ ᠠᠴᠠ 6 ᠤ ᠡᠳᠦᠷ ᠪᠣᠯᠲᠠᠯ᠎ᠠ᠂ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠠᠭᠤᠴᠢ ᠰᠤᠳᠤᠯᠤᠯ ᠤᠨ ᠭᠠᠵᠠᠷ ᠤᠨ ᠨᠠᠮ ᠤᠨ ᠬᠤᠷᠢᠶ᠎ᠠ ᠶᠢᠨ ᠱᠦᠵᠢ᠂ ᠨᠠᠶᠢᠷᠠᠭᠤᠯᠤᠨ  ᠬᠢᠨᠠᠭᠴᠢ ᠵᠠᠩ ᠭᠦᠸᠧ ᠴᠦᠨ ᠲᠤᠰᠬᠠᠶ ᠮᠡᠷᠭᠡᠵᠢᠯᠲᠡᠨ ᠡᠷᠳᠡᠮᠲᠡᠨ ᠢ ᠳᠠᠭᠠᠭᠤᠯᠤᠨ ᠮᠠᠨ ᠤ ᠬᠤᠰᠢᠭᠤᠨ ᠳᠤ  ᠢᠷᠡᠵᠦ ᠬᠠᠭᠤᠴᠢ ᠰᠤᠳᠤᠯᠤᠯ ᠤᠨ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ ᠶᠠᠷᠢᠯᠴᠠᠬᠤ ᠬᠤᠷᠠᠯ ᠬᠢᠵᠡᠶ᠃ ᠤᠯᠠᠭᠠᠨᠬᠠᠳᠠ ᠬᠤᠲᠠ ᠶᠢᠨ ᠰᠣᠶᠣᠯ ᠵᠢᠭᠤᠯᠴᠢᠯᠠᠯ ᠤᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ  ᠬᠤᠸᠠᠩ ᠾᠧ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠭᠦᠸᠧ ᠢᠦᠶ ᠯᠢᠩ ᠶᠠᠷᠢᠯᠴᠠᠬᠤ ᠬᠤᠷᠠᠯ ᠳᠤ ᠣᠷᠣᠯᠴᠠᠵᠤ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠶᠦᠩ ᠹᠦ᠋ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠢ ᠡᠷᠭᠢᠯᠡᠪᠡ᠃ ᠬᠤᠰᠢᠭᠤᠨ ᠤ ᠰᠣᠶᠣᠯ ᠵᠢᠭᠤᠯᠴᠢᠯᠠᠯ  ᠤᠨ ᠲᠣᠪᠴᠢᠶ᠎ᠠ᠂ ᠬᠤᠰᠢᠭᠤᠨ ᠤ ᠮᠦᠽᠧᠢ᠂ ᠮᠠᠨᠢᠬᠠᠨ ᠰᠢᠶᠠᠩ ᠤᠨ ᠭᠤᠣᠯ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ᠃
   ᠵᠠᠩ ᠭᠦᠸᠧ ᠴᠦᠨ ᠨᠡᠷ ᠮᠠᠨᠢᠬᠠᠨ ᠰᠢᠶᠠᠩ ᠤᠨ ᠰᠢ ᠳ᠋ᠡ ᠯᠢᠶᠠᠩ ᠤᠨ ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ ᠲᠤᠬᠠᠢ ᠶᠢᠨ ᠲᠠᠯᠠᠪᠠᠢ  ᠪᠠ ᠴᠧᠩ ᠽᠢ ᠱᠠᠨ ᠤ ᠪᠠᠭᠤᠷᠢ ᠶᠢᠨ ᠬᠠᠭᠤᠴᠢ ᠰᠤᠳᠤᠯᠤᠯ ᠤᠨ ᠨᠡᠭᠡᠭᠡᠨ ᠮᠠᠯᠲᠠᠭᠰᠠᠨ ᠪᠠᠶᠢᠳᠠᠯ ᠪᠣᠯᠤᠨ ᠪᠠᠭᠤᠷᠢ ᠶᠢ ᠬᠠᠮᠠᠭᠠᠯᠠᠬᠤ ᠵᠡᠷᠭᠡ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠲᠤᠬᠠᠢ ᠶᠢᠨ ᠲᠠᠯᠠᠪᠠᠢ  ᠶᠢᠨ ᠠᠭᠠᠭᠢᠮ᠎ᠠ ᠬᠠᠯᠠᠭᠤᠨ ᠳᠤ ᠮᠥᠨ ᠯᠡ ᠬᠡᠭᠡᠷ᠎ᠡ  ᠭᠠᠳᠠᠨ᠎ᠠ  ᠠᠵᠢᠯᠯᠠᠭᠰᠠᠭᠠᠷ ᠪᠠᠶᠢᠭ᠎ᠠ ᠬᠠᠭᠤᠴᠢ ᠰᠤᠳᠤᠯᠤᠯ ᠤᠨ ᠠᠩᠬᠢ ᠶᠢᠨ ᠭᠡᠰᠢᠭᠦᠳ ᠢ ᠲᠣᠬᠤᠨᠢᠭᠤᠯᠵᠤ᠂ ᠤᠯᠠᠨ ᠢ  ᠣᠯᠠᠮ ᠴᠢᠷᠮᠠᠶᠢᠵᠤ᠂ ᠨᠢᠭᠲᠠ ᠬᠠᠮᠵᠢᠯᠴᠠᠵᠤ᠂ ᠦᠷᠭᠦᠯᠵᠢᠯᠡᠨ ᠨᠡᠭᠡᠭᠡᠨ ᠮᠠᠯᠲᠠᠬᠤ᠂ ᠬᠠᠮᠠᠭᠠᠯᠠᠬᠤ ᠪᠠ ᠰᠤᠳᠤᠯᠬᠤ ᠠᠵᠢᠯ ᠢ ᠨᠠᠷᠢᠨ ᠨᠢᠮᠪᠠᠢ ᠰᠠᠶᠢᠲᠤᠷ ᠬᠢᠬᠦ ᠬᠡᠷᠡᠭᠲᠡᠢ ᠭᠡᠵᠦ ᠵᠣᠷᠢᠭᠵᠢᠭᠤᠯᠪᠠ᠃    7 ᠰᠠᠷ᠎ᠠ ᠶᠢᠨ 6 ᠤ ᠡᠳᠦᠷ ᠶᠠᠪᠤᠭᠳᠠᠭᠰᠠᠨ ᠰᠢ ᠳ᠋ᠡ ᠯᠢᠶᠠᠩ ᠤᠨ ᠪᠠᠭᠤᠷᠢ ᠶᠢᠨ ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ ᠶᠠᠷᠢᠯᠴᠠᠬᠤ ᠬᠤᠷᠠᠯ ᠳᠡᠭᠡᠷ᠎ᠡ᠂ ᠮᠠ ᠯᠢ ᠬᠤᠸᠠ ᠬᠤᠷᠠᠯ ᠳᠤ ᠣᠷᠣᠯᠴᠠᠭᠰᠠᠳ ᠲᠤ ᠠᠤᠬᠠᠨ ᠬᠤᠰᠢᠭᠤᠨ ᠤ ᠦᠨᠳᠦᠰᠦᠨ ᠪᠠᠶᠢᠳᠠᠯ ᠢ ᠲᠠᠨᠢᠯᠴᠠᠭᠤᠯᠵᠤ᠂ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠠᠭᠤᠴᠢ ᠰᠤᠳᠤᠯᠤᠯ ᠤᠨ ᠭᠠᠵᠠᠷ ᠤᠨ ᠨᠠᠮ ᠤᠨ ᠬᠤᠷᠢᠶᠠᠨ ᠤ ᠭᠡᠰᠢᠭᠦᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠳᠠᠷᠤᠭ᠎ᠠ᠂ ᠬᠤᠶᠠᠳᠤᠭᠠᠷ ᠳᠡᠰ ᠤᠨ ᠰᠤᠳᠤᠯᠤᠭᠴᠢ ᠯᠢᠦ ᠭᠦᠸᠧ ᠰᠢᠶᠠᠩ ᠰᠢ ᠳ᠋ᠡ ᠯᠢᠶᠠᠩ ᠤᠨ ᠪᠠᠭᠤᠷᠢ ᠶᠢ ᠠᠭᠤᠳᠠᠯᠤᠭᠰᠠᠨ ᠠᠬᠤᠶ ᠪᠠᠶᠢᠳᠠᠯ ᠵᠢᠴᠢ ᠢᠷᠡᠭᠡᠳᠦᠶ ᠶᠢᠨ ᠲᠥᠯᠥᠪ ᠢ ᠲᠠᠨᠢᠯᠴᠠᠭᠤᠯᠵᠤ᠂ ᠬᠤᠷᠠᠯ ᠳᠤ ᠣᠷᠣᠯᠴᠠᠭᠰᠠᠨ ᠰᠣᠨᠢᠨ ᠮᠡᠳᠡᠭᠡᠨ ᠤ ᠵᠠᠭᠤᠴᠢᠯᠠᠭᠤᠷ ᠤᠨ ᠰᠣᠷᠪᠣᠯᠵᠢᠯᠠᠭᠴᠢᠳ ᠡᠯ᠎ᠡ ᠰᠠᠯᠠᠭ᠎ᠠ ᠮᠥᠴᠢᠷ ᠲᠤ ᠠᠰᠠᠭᠤᠯᠲᠠ ᠳᠤᠷᠠᠳᠤᠭᠰᠠᠨ ᠪᠠᠶᠢᠨ᠎ᠠ᠃
   ᠵᠠᠩ ᠭᠦᠸᠧ ᠴᠦᠨ ᠮᠠᠨ ᠤ ᠬᠤᠰᠢᠭᠤᠨ ᠤ ᠣᠶᠢᠷ᠎ᠠ ᠶᠢᠨ ᠵᠢᠯ ᠳᠤ ᠪᠠᠶᠢᠴᠠᠭᠠᠨ ᠢᠯᠡᠷᠡᠭᠦᠯᠦᠭᠰᠡᠨ ᠮᠠᠰᠢ ᠣᠯᠠᠨ ᠪᠠᠭᠤᠷᠢ ᠶᠢᠨ ᠰᠣᠶᠣᠯ ᠤᠨ ᠠᠭᠤᠯᠬᠤᠨ᠂ ᠡᠷᠳᠡᠮ ᠰᠢᠨᠵᠢᠯᠡᠭᠡᠨ ᠤ ᠠᠴᠢ ᠬᠤᠯᠪᠣᠭᠳᠠᠯ᠂ ᠰᠤᠳᠤᠯᠭᠠᠨ ᠤ ᠦᠨ᠎ᠡ ᠥᠷᠲᠡᠭ ᠵᠡᠷᠭᠡ ᠶᠢ ᠭᠦᠢᠴᠡᠳ ᠨᠤᠲᠠᠯᠠᠵᠠᠶ᠃ ᠲᠡᠷᠡ ᠢᠯᠡᠷᠬᠡᠶᠢᠯᠡᠬᠦ ᠳᠡᠭᠡᠨ᠂ ᠬᠤᠶᠠᠷ ᠲᠠᠯ᠎ᠠ ᠪᠠᠷ ᠢᠶᠠᠨ ᠬᠤᠶᠢᠰᠢᠳᠠ ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠢᠯᠠᠩᠭᠤᠶ᠎ᠠ ᠪᠠᠯᠠᠷ ᠡᠷᠲᠡᠨ ᠤ ᠪᠠᠭᠤᠷᠢ ᠶᠢᠨ ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠬᠦ ᠵᠡᠷᠭᠡ ᠲᠠᠯ᠎ᠠ ᠪᠠᠷ᠂ ᠣᠲᠣ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠪᠠ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ  ᠭᠦᠢᠴᠡᠳ ᠰᠠᠶᠢᠲᠤᠷ ᠬᠡᠷᠡᠭᠯᠡᠵᠦ᠂ ᠬᠠᠭᠤᠴᠢ ᠰᠤᠳᠤᠯᠤᠯ ᠤᠨ ᠢᠯᠡᠷᠡᠭᠦᠯᠦᠭᠰᠡᠨ ᠪᠠ ᠦᠷ᠎ᠡ ᠪᠦᠲᠦᠭᠡᠯ ᠢ ᠵᠠᠳᠠᠯᠬᠤ ᠴᠢᠳᠠᠪᠤᠷᠢ ᠶᠢ ᠳᠡᠭᠡᠭᠰᠢᠯᠡᠭᠦᠯᠦᠨ᠂ ᠮᠠᠯᠲᠠᠵᠤ ᠭᠠᠷᠭᠠᠭᠰᠠᠨ ᠲᠡᠤᠬᠡ ᠶᠢᠨ ᠳᠤᠷᠠᠰᠬᠠᠯᠲᠤ  ᠵᠦᠢᠯ ᠪᠠ ᠪᠠᠭᠤᠷᠢ ᠶᠢ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠤᠶᠢᠰᠢᠳᠠ ᠶᠢᠨ ᠪᠠᠭᠤᠷᠢ ᠶᠢ ᠨᠡᠭᠡᠭᠡᠨ ᠮᠠᠯᠲᠠᠬᠤ᠂ ᠰᠤᠳᠤᠯᠬᠤ᠂ ᠬᠠᠮᠠᠭᠠᠯᠠᠬᠤ ᠶᠢ ᠨᠠᠩ ᠲᠦᠷᠭᠡᠨ ᠨᠠᠩ ᠰᠠᠶᠢᠨ ᠥᠷᠨᠢᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ ᠭᠡᠪᠡ᠃    ᠪᠠᠶᠢᠴᠠᠭᠠᠨ ᠰᠤᠳᠤᠯᠬᠤ ᠶᠠᠪᠤᠴᠠ ᠳᠤ᠂ ᠵᠠᠩ ᠭᠦᠸᠧ ᠴᠦᠨ ᠨᠡᠷ ᠪᠠᠰᠠ ᠬᠤᠰᠢᠭᠤᠨ ᠤ ᠮᠦᠽᠧᠢ᠂ ᠨᠠᠷᠢᠮᠤ ᠶᠢᠨ ᠮᠦᠽᠧᠢ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠡᠢ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号