ᠮᠣᠳᠤᠨ ᠠᠶᠢᠯ ᠰᠢᠶᠠᠩ᠄ ᠬᠤᠶᠠᠷ ᠢ ᠬᠠᠪᠰᠤᠷᠤᠨ ᠬᠠᠮᠲᠤ ᠪᠠᠷ ᠪᠠᠶᠢᠭᠤᠯᠵᠤ ᠬᠦᠴᠦ ᠪᠠᠨ ᠬᠠᠮᠲᠤᠳᠬᠠᠨ ᠬᠥᠭᠵᠢᠯᠲᠡ ᠶᠢ ᠬᠠᠮᠲᠤ ᠪᠠᠷ ᠰᠦᠪᠡᠭᠴᠢᠯᠡᠵᠦ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/7/11
 
   7 ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠪᠡᠭᠡᠵᠢᠩ ᠬᠤᠳᠠ ᠶᠢᠨ ᠪᠠᠷᠠᠭᠤᠨ ᠲᠡᠬᠦᠷᠭᠡ ᠶᠢᠨ ᠲᠠᠷᠢᠶᠠᠯᠠᠩ ᠦᠢᠯᠡᠳᠪᠦᠷᠢ ᠬᠤᠳᠠᠯᠳᠤᠭᠠᠨ ᠤ ᠶᠡᠷᠦᠩᠬᠡᠶ ᠺᠣᠮᠫᠠᠨᠢ ᠶᠢᠨ ᠶᠡᠷᠦᠩᠬᠡᠶ ᠳᠠᠭᠠᠭᠠᠮᠠᠯ ᠸᠠᠩ ᠬᠠᠶ ᠴᠢᠩ ᠵᠡᠷᠭᠡ 17  ᠬᠥᠮᠦᠰ ᠮᠣᠳᠤᠨ ᠠᠶᠢᠯ ᠰᠢᠶᠠᠩ ᠳᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠪᠠ᠃ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠭᠦᠸᠧ ᠰᠢᠶᠤᠤ ᠴᠢᠶᠣᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠳᠡᠳ᠋ ᠳᠠᠷᠤᠭ᠎ᠠ ᠭᠠᠶ ᠯᠦᠨ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠯᠢᠦᠶ ᠬᠤᠩ ᠹᠦ᠋ ᠣᠷᠣᠯᠴᠠᠵᠤ᠂ ᠰᠢᠶᠠᠩ ᠤᠨ ᠨᠠᠮ ᠤᠨ ᠬᠤᠷᠢᠶ᠎ᠠ ᠶᠢᠨ ᠭᠤᠤᠯ ᠬᠠᠷᠢᠭᠤᠴᠠᠯᠭᠠᠲᠠᠨ᠂ ᠬᠠᠮᠢᠶ᠎ᠠ ᠪᠥᠬᠦᠶ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠴᠢᠩ ᠱᠠᠨ ᠲᠣᠰᠬᠤᠨ ᠤ  ᠤᠳᠠᠨᠲᠣᠬᠠᠢ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠶᠢᠨ ᠬᠢᠵᠠᠭᠠᠷᠲᠤ ᠺᠣᠮᠫᠠᠨᠢ᠂ ᠴᠢᠩ ᠱᠠᠨ ᠲᠣᠰᠬᠤᠨ ᠤ ᠥᠨᠳᠥᠷ ᠪᠠᠷᠢᠮᠵᠢᠶᠠᠲᠤ ᠣᠶᠤᠨᠴᠢ ᠲᠦᠬᠦᠭᠡᠷᠦᠮᠵᠢᠳᠤ ᠲᠠᠷᠢᠶᠠᠯᠠᠩ ᠤᠨ  ᠵᠢᠱᠢᠶ᠎ᠡ ᠦᠵᠡᠭᠦᠯᠬᠦ ᠬᠦᠷᠢᠶᠡᠯᠡᠩ᠂  ᠮᠣᠳᠤᠨ ᠠᠶᠢᠯ ᠲᠣᠰᠬᠤᠨ ᠤ ᠮᠢᠩᠭᠠᠨ ᠮᠦ ᠰᠢᠯᠢᠳᠡᠭ ᠲᠠᠷᠪᠤᠰ ᠤᠨ ᠲᠦᠬᠦᠭᠡᠷᠦᠮᠵᠢᠳᠤ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂  ᠮᠣᠳᠤᠨ ᠠᠶᠢᠯ ᠲᠣᠰᠬᠤᠨ ᠤ ᠪᠸᠢ ᠯᠢᠶᠠᠩ ᠤᠨ ᠲᠠᠷᠠᠬᠠᠢ ᠬᠡᠯᠪᠡᠷᠢ ᠶᠢᠨ  ᠢᠳᠡᠰᠢᠨ ᠦᠬᠡᠷ ᠲᠡᠵᠢᠭᠡᠨ ᠦᠷᠡᠵᠢᠭᠦᠯᠬᠦ ᠲᠥᠪᠯᠡᠷᠡᠭᠰᠡᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠬᠦᠷᠴᠦ ᠲᠣᠭᠤᠷᠢᠨ ᠦᠵᠡᠵᠦ ᠰᠢᠨᠵᠢᠯᠡᠨ ᠪᠠᠶᠢᠴᠠᠭᠠᠪᠠ᠃ ᠰᠢᠶᠠᠩ ᠤᠨ ᠨᠠᠮ ᠤᠨ ᠬᠤᠷᠢᠶᠠᠨ ᠤ ᠭᠤᠣᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠴᠤ ᠪᠠᠶᠢᠭ᠎ᠠ ᠲᠤᠬᠠᠶᠢᠯᠠᠭᠰᠠᠨ ᠠᠵᠢᠯ ᠤᠨ ᠬᠠᠷᠢᠭᠤᠴᠠᠯᠭᠠᠲᠠᠨ ᠤ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠠᠵᠤ ᠦᠢᠯᠡᠰ ᠤᠨ ᠬᠥᠭᠵᠢᠯᠲᠡ ᠵᠡᠷᠭᠡ ᠲᠠᠯ᠎ᠠ ᠶᠢᠨ ᠲᠡᠷᠢᠭᠦᠨ ᠤ ᠲᠤᠷᠰᠢᠯᠭ᠎ᠠ ᠶᠢ ᠲᠤᠬᠠᠢ ᠶᠢᠨ ᠭᠠᠵᠠᠷ ᠲᠤᠨᠢ ᠰᠣᠯᠢᠯᠴᠠᠨ ᠶᠠᠷᠢᠯᠴᠠᠪᠠ᠃    ᠶᠠᠷᠢᠯᠴᠠᠬᠤ ᠬᠤᠷᠠᠯ ᠳᠡᠭᠡᠷ᠎ᠡ᠂ ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠵᠢᠶᠠ ᠢᠦᠢ ᠲᠠᠩ ᠨᠥᠬᠦᠷ ᠪᠦᠬᠦ ᠰᠢᠶᠠᠩ ᠤᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠢ ᠲᠠᠨᠢᠯᠴᠠᠭᠤᠯᠵᠤ᠂ ᠰᠢᠶᠠᠩ ᠤᠨ ᠨᠠᠮ ᠤᠨ ᠬᠤᠷᠢᠶᠠᠨ ᠤ ᠱᠦᠵᠢ ᠰᠢᠤᠢ ᠭᠦᠸᠧ ᠳ᠋ᠦᠩ ᠨᠥᠬᠦᠷ ᠣᠷᠣᠨ ᠪᠠᠶᠢᠷᠢ᠂ ᠲᠡᠦᠬᠡ ᠰᠣᠶᠣᠯ᠂ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠲᠠᠯ᠎ᠠ ᠪᠠᠷ ᠪᠦᠬᠦ ᠰᠢᠶᠠᠩ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ᠃ ᠬᠤᠶᠠᠷ ᠲᠠᠯ᠎ᠠ ᠪᠠᠷ ᠢᠶᠠᠨ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠬᠤ ᠳᠤᠮᠳᠠ ᠰᠡᠳᠬᠢᠴᠡ ᠪᠠᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠶᠢᠨ ᠰᠢᠨ᠎ᠡ ᠵᠠᠮ ᠢ ᠬᠠᠮᠲᠤᠪᠠᠷ ᠡᠷᠢᠯᠬᠢᠯᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃    ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠭᠦᠸᠧ ᠰᠢᠶᠤᠤ ᠴᠢᠶᠣᠤ ᠨᠥᠬᠦᠷ ᠬᠤᠶᠠᠷ ᠲᠠᠯ᠎ᠠ ᠳᠤ ᠭᠤᠷᠪᠠᠨ ᠬᠦᠰᠡᠯ ᠳᠤᠷᠠᠳᠴᠠᠶ᠄  ᠨᠢᠭᠡ ᠳᠤ᠂ ᠬᠠᠷᠢᠯᠴᠠᠨ ᠰᠤᠷᠤᠯᠴᠠᠵᠤ᠂ ᠰᠠᠶᠢᠨ ᠲᠠᠯ᠎ᠠ ᠪᠠᠨ ᠪᠠᠳᠠᠷᠠᠭᠤᠯᠤᠨ ᠳᠤᠲᠠᠭᠳᠠᠯ ᠲᠠᠢ ᠲᠠᠯ᠎ᠠ ᠪᠠᠨ ᠨᠥᠬᠦᠪᠥᠷᠢᠯᠡᠵᠦ᠂ ᠳᠠᠪᠠᠭᠤᠯᠢᠭ ᠲᠠᠯ᠎ᠠ ᠪᠠᠨ ᠬᠠᠷᠢᠯᠴᠠᠨ ᠨᠥᠬᠦᠪᠥᠷᠢᠯᠡᠬᠦ ᠬᠡᠷᠡᠭᠲᠡᠶ︔  ᠬᠤᠶᠠᠷ ᠲᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠪᠣᠳᠠᠲᠠᠢ ᠶᠢ ᠡᠷᠬᠢᠮᠯᠡᠨ ᠬᠠᠮᠵᠢᠯᠴᠠᠵᠤ᠂ ᠨᠡᠪᠲᠡᠷᠡᠯᠴᠡᠬᠦ ᠬᠥᠭᠦᠷᠭᠡ ᠪᠠᠶᠢᠭᠤᠯᠬᠤ ᠬᠡᠷᠡᠭᠲᠡᠢ︔ ᠭᠤᠷᠪᠠ ᠳᠤ᠂ ᠠᠳᠠᠯᠢ ᠲᠠᠯ᠎ᠠ ᠲᠠᠢ ᠪᠠᠨ ᠤᠶᠠᠯᠳᠤᠭᠤᠯᠤᠨ᠂ ᠰᠣᠯᠢᠯᠴᠠᠭ᠎ᠠ ᠪᠠᠨ ᠴᠢᠩᠭᠠᠳᠬᠠᠵᠤ᠂ ᠨᠡᠩ ᠰᠠᠶᠢᠨ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠬᠦ ᠬᠡᠷᠡᠭᠲᠡᠶ ᠭᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号