︽ᠨᠢᠭᠡ ᠰᠣᠷᠣᠭᠴᠢ ᠶᠢ ᠴᠤ ᠬᠡᠷ ᠤᠨ ᠠᠮᠢᠳᠤᠷᠠᠯ ᠨᠢ ᠬᠦᠴᠢᠷᠳᠡᠯᠲᠡᠶ ᠠᠴᠠ ᠪᠣᠯᠵᠣ ᠰᠤᠷᠤᠯᠭ᠎ᠠ ᠠᠯᠳᠠᠭᠤᠯᠬᠤ | ᠥᠬᠡᠶ︾ ᠪᠣᠯ ᠨᠠᠮ ᠪᠠ ᠵᠠᠰᠠᠭ ᠤᠨ ᠣᠷᠳᠣᠨ ᠤ ᠲᠥᠪ ᠴᠢᠩᠭ᠎ᠠ ᠠᠮᠠᠯᠠᠯᠲᠠ ᠮᠥᠨ᠃ ᠬᠡᠷ ᠤᠨ ᠠᠮᠢᠳᠤᠷᠠᠯ ᠨᠢ | ᠬᠦᠴᠢᠷᠳᠡᠯᠲᠡᠶ ᠰᠤᠷᠤᠭᠴᠢᠳ ᠤᠨ ᠰᠤᠷᠭᠠᠨ ᠬᠥᠮᠦᠵᠢᠯ ᠭᠥᠷᠳᠡᠬᠦ ᠡᠷᠬᠡ ᠶᠢ ᠦᠨᠡᠨ ᠬᠦ ᠪᠠᠲᠤᠯᠠᠵᠤ᠂ ᠰᠤᠷᠭᠠᠨ | ᠬᠥᠮᠦᠵᠢᠯ ᠤᠨ ᠡᠷᠬᠡ ᠲᠡᠭᠰᠢ ᠪᠠᠶᠢᠬᠤ ᠶᠢ ᠠᠬᠢᠭᠤᠯᠬᠤ ᠶᠢᠨ ᠲᠥᠯᠦᠭᠡ᠂ ᠡᠳᠦᠭᠡ 2023 ᠣᠨ ᠤ ᠤᠯᠤᠰ ᠪᠠ | ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ ᠰᠤᠷᠤᠭᠴᠢᠳ ᠢ ᠳᠡᠳᠬᠦᠨ ᠲᠤᠰᠠᠯᠠᠬᠤ ᠲᠥᠷᠥ ᠶᠢᠨ | ᠪᠣᠳᠣᠯᠭ᠎ᠠ ᠶᠢ ᠳᠤᠤᠷᠠᠬᠢ ᠮᠡᠲᠦ ᠡᠮᠬᠢᠯᠡᠪᠡ᠄ | ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠤᠷᠭᠠᠨ ᠬᠥᠮᠦᠵᠢᠯ ᠤᠨ ᠳᠡᠳᠬᠦᠨ ᠲᠤᠰᠠᠯᠠᠮᠵᠢ | ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠰᠤᠯᠠ | ᠵᠠᠷᠤᠳᠠᠯ ᠢ ᠬᠡᠯᠲᠦᠷᠢᠭᠦᠯᠵᠦ᠂ ᠬᠢᠴᠢᠶᠡᠯ ᠤᠨ ᠪᠢᠴᠢᠭ ᠢ ᠲᠥᠯᠥᠪᠦᠷᠢ ᠦᠭᠡᠶ ᠬᠠᠩᠭᠠᠨ᠎ᠠ | ᠡᠲᠡᠭᠡᠳ᠄ ᠵᠢᠩᠬᠢᠨᠢ ᠪᠠᠷ ᠳᠠᠩᠰᠠᠯᠠᠭᠤᠯᠤᠭᠰᠠᠨ ᠪᠣᠶ ᠪᠥᠬᠦᠶ ᠡᠩ ᠤᠨ ᠳᠡᠭᠡᠳᠦ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠣᠷᠣᠭᠴᠢ᠃ | ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠪᠠᠷᠢᠮᠵᠢᠶ᠎ᠠ᠄ ᠰᠤᠷᠤᠭᠴᠢ ᠪᠦᠷᠢ ᠳᠤ ᠵᠢᠯ ᠳᠤ 2000 | ᠲᠥᠭᠦᠷᠢᠭ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠠᠤᠯᠢ ᠶᠣᠰᠤ ᠪᠠᠷ | ᠵᠥᠪᠰᠢᠶᠡᠷᠡᠭᠦᠯᠦᠭᠰᠡᠨ ᠠᠷᠠᠳ ᠠᠴᠠ ᠡᠷᠬᠢᠯᠡᠭᠰᠡᠨ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ | ᠰᠤᠷᠤᠯᠴᠠᠵᠤ ᠪᠠᠶᠢᠭ᠎ᠠ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠨᠥᠬᠦᠴᠡᠯ ᠳᠤ ᠨᠡᠶᠢᠴᠡᠬᠦ ᠰᠤᠷᠦᠭ᠌ᠴᠢ ᠶᠢ | ᠥᠪᠡᠷᠲᠡᠭᠡᠨ ᠵᠠᠰᠠᠬᠤ ᠣᠷᠣᠨ ᠠᠴᠠ ᠠᠳᠠᠯᠢ ᠪᠠᠷᠢᠮᠵᠢᠶ᠎ᠠ ᠪᠠᠷ ᠳᠡᠳᠬᠦᠨ ᠳᠤᠰᠠᠯᠠᠨ᠎ᠠ᠂ᠰᠤᠷᠤᠯᠭ᠎ᠠ ᠶᠢᠨ ᠰᠤᠯᠠ | ᠵᠠᠷᠤᠳᠠᠯ ᠤᠨ ᠬᠤᠷᠢᠶᠠᠬᠤ ᠰᠦᠢᠳᠬᠡᠯ ᠨᠢ ᠲᠤᠰᠠᠯᠠᠮᠵᠢ ᠶᠢᠨ ᠪᠠᠷᠢᠮᠵᠢᠶ᠎ᠠ ᠠᠴᠠ ᠥᠨᠳᠥᠷ ᠪᠣᠯ ᠰᠤᠷᠭᠠᠭᠤᠯᠢ ᠨᠢ | ᠲᠣᠭᠲᠠᠭᠠᠯ ᠶᠣᠰᠤ ᠪᠠᠷ ᠰᠤᠷᠤᠭᠴᠢᠳ ᠠᠴᠠ ᠵᠥᠷᠢᠶ᠎ᠡ ᠲᠤᠭ᠎ᠠ ᠶᠢ ᠦᠷᠭᠦᠯᠵᠢᠯᠡᠨ ᠬᠤᠷᠢᠶᠠᠵᠤ ᠪᠣᠯᠤᠨ᠎ᠠ᠃ | ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠤᠯᠤᠰ ᠤᠨ | ᠰᠤᠷᠤᠯᠭ᠎ᠠ ᠶᠢᠨ ᠲᠡᠳᠬᠦᠮᠵᠢ ᠶᠢᠨ ᠮᠥᠩᠭᠦ | ᠡᠲᠡᠭᠡᠳ᠄ ᠵᠢᠩᠬᠢᠨᠢ ᠪᠠᠷ ᠳᠠᠩᠰᠠᠯᠠᠭᠤᠯᠤᠭᠰᠠᠨ ᠰᠤᠷᠭᠠᠭᠤᠯᠢ ᠶᠢᠨ ᠬᠠᠷᠢᠶᠠᠯᠠᠯ ᠲᠠᠢ ᠡᠩ ᠤᠨ ᠳᠡᠭᠡᠳᠦ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠳᠣᠲᠣᠷᠠᠬᠢ ᠭᠡᠷ ᠤᠨ | ᠠᠮᠢᠳᠤᠷᠠᠯ ᠨᠢ ᠬᠦᠴᠢᠷᠳᠡᠯᠲᠡᠶ ᠰᠤᠷᠤᠭᠴᠢ᠃ | ᠪᠠᠷᠢᠮᠵᠢᠶ᠎ᠠ᠄ ᠰᠤᠷᠤᠭᠴᠢ ᠪᠦᠷᠢ ᠳᠤ ᠳᠤᠮᠳᠠᠴᠢ ᠪᠠᠷ ᠵᠢᠯ ᠪᠦᠷᠢ 2000 ᠲᠥᠭᠦᠷᠢᠭ᠂ ᠪᠣᠳᠠᠲᠠᠶ ᠪᠠᠷᠢᠮᠵᠢᠶ᠎ᠠ ᠶᠢ | ᠡᠯ᠎ᠡ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ 1000 - 3000 ᠲᠥᠭᠦᠷᠢᠭ ᠤᠨ ᠬᠡᠪᠴᠢᠶᠡᠨ | ᠳᠣᠲᠣᠷ᠎ᠠ ᠲᠣᠭᠲᠠᠭᠠᠵᠤ᠂ 2 - 3 ᠳᠡᠰ ᠬᠤᠪᠢᠶᠠᠵᠤ ᠪᠣᠯᠤᠨ᠎ᠠ᠃ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠳᠡᠳᠬᠦᠨ ᠲᠤᠰᠠᠯᠠᠮᠵᠢ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠯᠭ᠎ᠠ ᠶᠢᠨ | ᠰᠦᠢᠳᠬᠡᠯ ᠢ ᠬᠡᠯᠲᠦᠷᠢᠭᠦᠯᠵᠦ᠂ ᠬᠢᠴᠢᠶᠡᠯ ᠤᠨ ᠪᠢᠴᠢᠭ ᠢ ᠲᠦᠯᠦᠪᠦᠷᠢ ᠦᠭᠡᠶ ᠬᠠᠩᠭᠠᠨ᠎ᠠ | ᠡᠲᠡᠭᠡᠳ᠄ ᠪᠣᠶ ᠪᠥᠬᠦᠶ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︵ᠮᠡᠷᠭᠡᠵᠢᠯ ᠤᠨ | ᠠᠵᠢᠯᠴᠢᠨ ᠤ ᠰᠤᠷᠭᠠᠭᠤᠯᠢ ᠶᠢ ᠪᠠᠭᠲᠠᠭᠠᠨ᠎ᠠ᠂ ᠳᠣᠷᠣᠭᠰᠢ ᠠᠳᠠᠯᠢ︶ ᠶᠢᠨ ᠪᠦᠬᠦᠯᠢ ᠡᠳᠦᠷ ᠤᠨ ᠳᠦᠷᠢᠮᠲᠦ ᠰᠤᠷᠭᠠᠨ | ᠬᠥᠮᠦᠵᠢᠯ ᠤᠨ ᠵᠢᠩᠬᠢᠨᠢ ᠰᠤᠷᠭᠠᠭᠤᠯᠢ ᠶᠢᠨ ᠬᠠᠷᠢᠶᠠᠯᠠᠯ ᠲᠠᠢ ᠰᠣᠷᠣᠭᠴᠢ᠃ | ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ ᠪᠠᠷᠢᠮᠵᠢᠶ᠎ᠠ᠄ ᠰᠤᠷᠤᠭᠴᠢ ᠪᠦᠷᠢ ᠳᠤ ᠵᠢᠯ ᠳᠤ 2000 | ᠲᠥᠭᠦᠷᠢᠭ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠠᠤᠯᠢ ᠶᠣᠰᠤ ᠪᠠᠷ | ᠵᠥᠪᠰᠢᠶᠡᠷᠡᠭᠦᠯᠦᠭᠰᠡᠨ ᠠᠷᠠᠳ ᠠᠴᠠ ᠡᠷᠬᠢᠯᠡᠭᠰᠡᠨ ᠰᠤᠷᠭᠠᠭᠤᠯᠢ ᠪᠣᠯᠤᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠠᠤᠯᠢ ᠶᠣᠰᠤ ᠪᠠᠷ ᠵᠥᠪᠰᠢᠶᠡᠷᠡᠭᠦᠯᠦᠭᠰᠡᠨ | ᠠᠷᠠᠳ ᠠᠴᠠ ᠡᠷᠬᠢᠯᠡᠭᠰᠡᠨ ᠮᠡᠷᠭᠡᠵᠢᠯ ᠤᠨ ᠠᠵᠢᠯᠴᠢᠨ ᠤ ᠰᠤᠷᠭᠠᠭᠤᠯᠢ ᠳᠤ ᠰᠤᠷᠤᠯᠴᠠᠭᠰᠠᠨ ᠰᠤᠷᠤᠯᠭ᠎ᠠ ᠶᠢᠨ | ᠰᠦᠢᠳᠬᠡᠯ ᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢᠨ ᠨᠥᠬᠦᠴᠡᠯ ᠳᠤ ᠨᠡᠶᠢᠴᠡᠬᠦ ᠰᠤᠷᠤᠭᠴᠢ ᠶᠢ ᠥᠪᠡᠷᠲᠡᠭᠡᠨ | ᠵᠠᠰᠠᠬᠤ ᠣᠷᠣᠨ ᠠᠴᠠ ᠠᠳᠠᠯᠢ ᠪᠠᠷᠢᠮᠵᠢᠶ᠎ᠠ ᠪᠠᠷ ᠳᠡᠳᠬᠦᠨ ᠳᠤᠰᠠᠯᠠᠨ᠎ᠠ᠂ ᠰᠤᠷᠤᠯᠭ᠎ᠠ ᠶᠢᠨ ᠰᠦᠢᠳᠬᠡᠯ ᠨᠢ | ᠲᠤᠰᠠᠯᠠᠮᠵᠢ ᠶᠢᠨ ᠪᠠᠷᠢᠮᠵᠢᠶ᠎ᠠ ᠠᠴᠠ ᠥᠨᠳᠥᠷ ᠪᠣᠯ ᠰᠤᠷᠭᠠᠭᠤᠯᠢ ᠨᠢ ᠲᠣᠭᠲᠠᠭᠠᠯ ᠶᠣᠰᠤ ᠪᠠᠷ ᠰᠤᠷᠤᠭᠴᠢᠳ ᠠᠴᠠ | ᠵᠥᠷᠢᠶ᠎ᠡ ᠲᠤᠭ᠎ᠠ ᠶᠢ ᠦᠷᠭᠦᠯᠵᠢᠯᠡᠨ ᠬᠤᠷᠢᠶᠠᠵᠤ ᠪᠣᠯᠤᠨ᠎ᠠ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠶᠢᠨ ᠣᠨᠴᠠᠭᠠᠢ ᠲᠥᠷᠥᠯ ᠤᠨ ᠲᠤᠰᠬᠠᠶ ᠮᠡᠷᠭᠡᠵᠢᠯ ᠤᠨ ᠰᠤᠷᠤᠭᠴᠢ ᠶᠢᠨ ᠰᠤᠷᠤᠯᠭ᠎ᠠ ᠶᠢᠨ | ᠰᠦᠢᠳᠬᠡᠯ ᠤᠨ ᠪᠠᠷᠢᠮᠵᠢᠶ᠎ᠠ ᠨᠢ ᠥᠪᠡᠷᠲᠡᠭᠡᠨ ᠵᠠᠰᠠᠬᠤ ᠣᠷᠣᠨ ᠤ ᠰᠦᠢᠳᠬᠡᠯ ᠢ ᠬᠡᠯᠲᠦᠷᠢᠭᠦᠯᠬᠦ ᠪᠠᠷᠢᠮᠵᠢᠶ᠎ᠠ ᠠᠴᠠ | ᠥᠨᠳᠥᠷ ᠪᠠᠶᠢᠬᠤ ᠬᠡᠰᠡᠭ ᠢ ᠬᠤᠪᠢ ᠬᠥᠮᠦᠨ ᠡᠭᠦᠷᠭᠡᠯᠡᠨ᠎ᠡ᠃ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠯᠤᠰ ᠤᠨ | ᠰᠤᠷᠤᠯᠭ᠎ᠠ ᠶᠢᠨ ᠱᠠᠩᠨᠠᠯ ᠤᠨ ᠮᠥᠩᠭᠦ | ᠡᠲᠡᠭᠡᠳ᠄ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ | ᠬᠤᠶᠠᠳᠤᠭᠠᠷ ᠣᠨ ᠵᠢᠴᠢ ᠲᠡᠭᠦᠨ ᠠᠴᠠ ᠳᠡᠭᠡᠭᠰᠢᠬᠢ ᠰᠤᠷᠤᠭᠴᠢᠳ ᠤᠨ ᠳᠣᠲᠣᠷ᠎ᠠ᠂ ᠰᠤᠷᠤᠯᠭ᠎ᠠ ᠶᠢᠨ ᠬᠢᠷᠢ | ᠪᠦᠲᠦᠮᠵᠢ ᠶᠢᠨ ᠨᠡᠷᠡᠰ ᠤᠨ ᠵᠢᠭᠰᠠᠭᠠᠯᠲᠠ ᠳᠤ ᠠᠳᠠᠯᠢ ᠣᠨ ᠤ ᠠᠳᠠᠯᠢ ᠲᠤᠰᠬᠠᠶ ᠮᠡᠷᠭᠡᠵᠢᠯ ᠤᠨ ᠡᠮᠦᠨ᠎ᠡ 5 % ︵5 | % ᠶᠢ ᠪᠠᠭᠲᠠᠭᠠᠨ᠎ᠠ︶ ᠳᠤ ᠣᠷᠣᠭᠰᠠᠨ ᠰᠤᠷᠤᠭᠴᠢ ᠪᠣᠯᠤᠨ ᠰᠤᠷᠤᠯᠭ᠎ᠠ ᠶᠢᠨ ᠬᠢᠷᠢ ᠪᠦᠲᠦᠮᠵᠢ ᠶᠢᠨ ᠨᠡᠷᠡᠰ ᠤᠨ | ᠵᠢᠭᠰᠠᠭᠠᠯᠲᠠ ᠳᠤ ᠠᠳᠠᠯᠢ ᠣᠨ ᠤ ᠠᠳᠠᠯᠢ ᠲᠤᠰᠬᠠᠶ ᠮᠡᠷᠭᠡᠵᠢᠯ ᠤᠨ ᠨᠡᠷᠡᠰ ᠤᠨ ᠵᠢᠭᠰᠠᠭᠠᠯᠲᠠ ᠳᠤ 5 % ᠳᠤ | ᠣᠷᠣᠭᠰᠠᠨ ᠥᠬᠡᠶ ᠪᠣᠯᠪᠠᠴᠤ ᠡᠮᠦᠨᠡᠬᠢ 30 % ︵30 % ᠶᠢ ᠪᠠᠭᠲᠠᠭᠠᠨ᠎ᠠ︶ ᠳᠤ ᠣᠷᠣᠭᠰᠠᠨ ᠮᠥᠷᠲᠡᠭᠡᠨ ᠶᠣᠰᠣ | ᠮᠣᠷᠠᠯ ᠬᠡᠪ ᠰᠤᠷᠲᠠᠯ᠂ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ᠂ ᠨᠡᠶᠢᠭᠡᠮ ᠤᠨ ᠦᠢᠯᠡᠳᠦᠯᠭᠡ᠂ ᠰᠢᠨ᠎ᠡ ᠶᠢ | ᠡᠭᠦᠳᠬᠦ ᠴᠢᠳᠠᠪᠤᠷᠢ᠂ ᠶᠡᠷᠦᠩᠬᠡᠶᠢᠯᠡᠭᠰᠡᠨ ᠬᠡᠪ ᠴᠢᠨᠠᠷ ᠵᠡᠷᠭᠡ ᠲᠠᠯ᠎ᠠ ᠪᠠᠷ ᠣᠨᠴᠠᠭᠠᠢ ᠲᠣᠪᠤᠶᠢᠮ᠎ᠠ ᠢᠯᠡᠷᠡᠯ ᠲᠠᠢ | ᠰᠤᠷᠤᠭᠴᠢ᠃ | ᠪᠠᠷᠢᠮᠵᠢᠶ᠎ᠠ᠄ ᠰᠤᠷᠤᠭᠴᠢ ᠪᠦᠷᠢ ᠵᠢᠯ ᠳᠤ 6000 ᠲᠥᠭᠦᠷᠢᠭ᠃ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠯᠤᠰ ᠤᠨ | ᠰᠤᠷᠤᠯᠭ᠎ᠠ ᠶᠢᠨ ᠲᠡᠳᠬᠦᠮᠵᠢ ᠶᠢᠨ ᠮᠥᠩᠭᠦ | ᠡᠲᠡᠭᠡᠳ᠄ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ | ᠰᠤᠷᠭᠠᠨ ᠬᠥᠮᠦᠵᠢᠯ ᠤᠨ ᠵᠢᠩᠬᠢᠨᠢ ᠰᠤᠷᠭᠠᠭᠤᠯᠢ ᠶᠢᠨ ᠬᠠᠷᠢᠶᠠᠯᠠᠯ ᠲᠠᠢ ᠨᠢᠭᠡ ᠬᠤᠶᠠᠳᠤᠭᠠᠷ ᠣᠨ ᠤ ᠪᠣᠶ ᠪᠥᠬᠦᠶ | ᠮᠠᠯᠵᠢᠬᠤ ᠲᠠᠷᠢᠶᠠᠯᠠᠬᠤ ᠣᠷᠣᠨ ︵ᠰᠢᠶᠠᠨ ᠪᠠᠯᠭᠠᠰᠤ ᠶᠢ ᠪᠠᠭᠲᠠᠭᠠᠨ᠎ᠠ︶ ᠤ ᠰᠤᠷᠭᠠᠭᠤᠯᠢ ᠳᠤ ᠪᠠᠶᠢᠭ᠎ᠠ ᠰᠣᠷᠣᠭᠴᠢ ᠵᠢᠴᠢ | ᠬᠤᠲᠠ ᠶᠢᠨ ᠲᠠᠷᠢᠶᠠᠯᠠᠩ ᠳᠤ ᠬᠤᠯᠪᠣᠭᠳᠠᠬᠤ ᠲᠤᠰᠬᠠᠶ ᠮᠡᠷᠭᠡᠵᠢᠯ ᠤᠨ ᠰᠣᠷᠣᠭᠴᠢ ᠪᠠ ᠲᠠᠷᠢᠶᠠᠯᠠᠩ ᠳᠤ | ᠬᠤᠯᠪᠣᠭᠳᠠᠬᠤ ᠲᠤᠰᠬᠠᠶ ᠮᠡᠷᠭᠡᠵᠢᠯ ᠤᠨ ᠪᠤᠰᠤ ᠬᠡᠷ ᠤᠨ ᠠᠮᠢᠳᠤᠷᠠᠯ ᠨᠢ ᠬᠦᠴᠢᠷᠳᠡᠯᠲᠡᠶ ᠰᠣᠷᠣᠭᠴᠢ᠃ | ᠪᠠᠷᠢᠮᠵᠢᠶ᠎ᠠ᠄ ᠪᠦᠬᠦᠯᠢ ᠡᠳᠦᠷ ᠤᠨ ᠳᠦᠷᠢᠮᠲᠦ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠵᠢᠩᠬᠢᠨᠢ | ᠰᠤᠷᠭᠠᠭᠤᠯᠢ ᠶᠢᠨ ᠬᠠᠷᠢᠶᠠᠯᠠᠯ ᠲᠠᠢ ᠨᠢᠭᠡ ᠬᠤᠶᠠᠳᠤᠭᠠᠷ ᠣᠨ ᠤ ᠲᠠᠷᠢᠶᠠᠯᠠᠩ ᠳᠤ ᠬᠤᠯᠪᠣᠭᠳᠠᠬᠤ ᠲᠤᠰᠬᠠᠶ ᠮᠡᠷᠭᠡᠵᠢᠯ | ᠪᠣᠯᠤᠨ ᠲᠠᠷᠢᠶᠠᠯᠠᠩ ᠳᠤ ᠬᠤᠯᠪᠣᠭᠳᠠᠬᠤ ᠲᠤᠰᠬᠠᠶ ᠮᠡᠷᠭᠡᠵᠢᠯ ᠤᠨ ᠪᠤᠰᠤ ᠭᠡᠷ ᠤᠨ ᠠᠮᠢᠳᠤᠷᠠᠯ ᠨᠢ ᠬᠦᠴᠢᠷᠳᠡᠯᠲᠡᠶ | ᠰᠤᠷᠤᠭᠴᠢ ᠵᠢᠴᠢ ᠶᠡᠭᠡ ᠬᠢᠩᠭᠠᠨ ᠳᠠᠪᠠᠭᠠᠨ ᠤ ᠡᠮᠦᠨ᠎ᠡ ᠬᠤᠷᠮᠣᠶ ᠶᠢᠨ ᠠᠭᠤᠯᠠᠷᠬᠠᠭ ᠣᠷᠣᠨ ︵ᠷᠠᠰᠢᠶᠠᠨ ᠬᠤᠲᠠ᠂ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠵᠠᠯᠠᠶᠢᠳ | ᠬᠤᠰᠢᠭᠤ᠂ ᠲᠦᠴᠢᠦᠸᠠᠨ ᠰᠢᠶᠠᠨ︶᠂ ᠶᠠᠨ ᠱᠠᠨ — ᠲᠠᠢ ᠬᠠᠩ ᠱᠠᠨ ᠠᠭᠤᠯᠠᠷᠬᠠᠭ ᠣᠷᠣᠨ ︵ᠬᠤᠸᠠᠳᠧ ᠰᠢᠶᠠᠨ᠂ | ᠱᠠᠩᠳᠤ ᠰᠢᠶᠠᠨ᠂ ᠰᠢᠩ ᠾᠧ ᠰᠢᠶᠠᠨ︶ ᠤ ᠮᠠᠯᠵᠢᠬᠤ ᠲᠠᠷᠢᠶᠠᠯᠠᠬᠤ ᠣᠷᠣᠨ ︵ᠰᠢᠶᠠᠨ ᠤ ᠬᠤᠲᠠ ᠶᠢ ᠪᠠᠭᠲᠠᠭᠠᠬᠤ | ᠦᠭᠡᠶ︶ ᠤ ᠰᠤᠷᠤᠭᠴᠢ ᠪᠦᠷᠢ ᠳᠤ ᠵᠢᠯ ᠳᠤ 2000 ᠲᠥᠭᠦᠷᠢᠭ᠂ ᠪᠤᠰᠤᠳ ᠰᠤᠷᠤᠭᠴᠢ ᠪᠦᠷᠢ ᠳᠤ ᠵᠢᠯ ᠳᠤ | 1500 ᠲᠥᠭᠦᠷᠢᠭ᠃ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠶᠢᠷᠢ ᠳᠤ | ᠰᠠᠭᠤᠬᠤ ᠰᠤᠷᠤᠭᠴᠢ ᠶᠢᠨ ᠪᠠᠶᠢᠷᠢ ᠶᠢᠨ ᠰᠦᠢᠳᠭᠡᠯ ᠤᠨ ᠳᠤᠰᠠᠯᠠᠮᠵᠢ | ᠡᠲᠡᠭᠡᠳ᠄ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ | ᠰᠤᠷᠭᠠᠨ ᠬᠥᠮᠦᠵᠢᠯ ᠤᠨ ᠵᠢᠩᠬᠢᠨᠢ ᠰᠤᠷᠭᠠᠭᠤᠯᠢ ᠶᠢᠨ ᠬᠠᠷᠢᠶᠠᠯᠠᠯ ᠲᠠᠢ ᠨᠢᠭᠡ ᠬᠤᠶᠠᠷ ᠭᠤᠷᠪᠠᠳᠤᠭᠠᠷ ᠣᠨ ᠤ | ᠪᠠᠶᠢᠷᠢ ᠳᠤ ᠰᠠᠭᠤᠬᠤ ᠰᠣᠷᠣᠭᠴᠢ ︵ᠠᠵᠢᠯᠯᠠᠵᠤ ᠰᠤᠷᠤᠯᠴᠠᠬᠤ ᠶᠢ ᠡᠭᠡᠯᠵᠢᠯᠡᠭᠦᠯᠬᠦ ᠶᠢ ᠬᠡᠷᠡᠭᠵᠢᠭᠦᠯᠵᠦ ᠪᠠᠶᠢᠭ᠎ᠠ | ᠰᠣᠷᠣᠭᠴᠢ ᠶᠢ ᠪᠠᠭᠲᠠᠭᠠᠬᠤ ᠥᠬᠡᠶ︶᠃ | ᠪᠠᠷᠢᠮᠵᠢᠶ᠎ᠠ᠄ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ | ᠠᠩᠭᠢ ᠶᠢᠨ ᠪᠠᠶᠢᠷᠢ ᠳᠤ ᠰᠠᠭᠤᠭ᠎ᠠ ᠰᠤᠷᠤᠭᠴᠢ ᠪᠦᠷᠢ ᠵᠢᠯ ᠳᠤ 800 ᠲᠥᠭᠦᠷᠢᠭ︔ ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠶᠢᠨ ᠪᠠᠶᠢᠷᠢ ᠳᠤ ᠰᠠᠭᠤᠭ᠎ᠠ ᠰᠤᠷᠤᠭᠴᠢ ᠪᠦᠷᠢ ᠵᠢᠯ ᠳᠤ 500 ᠲᠥᠭᠦᠷᠢᠭ᠃ | | |