| ᠯᠢ ᠵᠢᠶᠠ ᠶᠢᠩᠽᠢ ᠲᠣᠰᠬᠤᠨ ᠨᠢ ᠭᠤᠷᠪᠠᠨᠬᠤᠸᠠ ᠪᠠᠯᠭᠠᠰᠤᠨ ᠤ ᠬᠤᠶᠢᠲᠤ ᠬᠡᠰᠡᠭ ᠤᠨ ᠬᠤᠩᠱᠠᠨ ᠴᠥᠭᠦᠷᠥᠮ ᠤᠨ | ᠳᠣᠣᠷᠠᠳᠤ ᠤᠷᠤᠰᠬᠠᠯ ᠳᠤ ᠪᠠᠶᠢᠷᠢᠯᠠᠵᠤ᠂ ᠪᠦᠬᠦ ᠲᠣᠰᠬᠤᠨ ᠢᠶᠠᠷ ᠢᠶᠠᠨ 4 ᠪᠠᠶᠢᠭᠠᠯᠢ ᠶᠢᠨ ᠠᠶᠢᠯ᠂ 9 ᠲᠣᠰᠬᠤᠨ ᠤ | ᠠᠷᠠᠳ ᠤᠨ ᠳᠤᠭᠤᠶᠢᠯᠠᠩ ᠪᠠᠶᠢᠵᠤ᠂ ᠶᠡᠷᠦᠩᠬᠡᠢ ᠡᠷᠦᠬᠡ ᠶᠢᠨ ᠲᠤᠭ᠎ᠠ ᠨᠢ 673᠂ ᠡᠷᠦᠬᠡ ᠠᠮᠠ ᠶᠢᠨ ᠲᠠᠩᠰᠠ ᠲᠠᠢ | 2342 ᠬᠥᠮᠦᠨ ᠠᠮᠠ᠂ ᠤᠯᠠᠨ ᠦᠨᠳᠦᠰᠦᠲᠡᠨ ᠤ ᠣᠷᠣᠨ ᠰᠠᠭᠤᠴᠠ ᠶᠢᠨ ᠵᠠᠰᠠᠭ ᠵᠠᠬᠢᠷᠭᠠᠨ ᠤ ᠲᠣᠰᠬᠤᠨ ᠪᠣᠯᠤᠨ᠎ᠠ᠃ | ᠠᠳᠡ ᠦᠵᠡᠰᠬᠦᠯᠡᠩᠲᠦ ᠰᠠᠶᠢᠬᠠᠨ᠂ ᠥᠪᠡᠷᠮᠢᠴᠡ ᠣᠨᠴᠠᠯᠢᠭ ᠲᠠᠢ ᠠᠵᠤ ᠦᠢᠯᠡᠰ᠂ ᠪᠦᠷᠢᠨ ᠲᠡᠭᠦᠯᠳᠡᠷ ᠰᠠᠭᠤᠷᠢ | ᠲᠥᠬᠦᠭᠡᠷᠦᠮᠵᠢ ᠲᠠᠢ᠃ | | ᠯᠢ ᠵᠢᠶᠠ ᠶᠢᠩᠽᠢ ᠲᠤᠰᠬᠤᠨ ᠳᠤ ᠡᠷᠲᠡᠨ ᠤ ᠢᠯᠠᠮ᠎ᠠ ᠶᠢᠨ ᠮᠣᠳᠣ᠂ ᠲᠤᠰᠬᠤᠨ ᠤ ᠠᠷᠠᠳ ᠲᠡᠭᠦᠨ ᠢ ︽ ᠰᠢᠳᠢᠳᠦ | ᠢᠯᠠᠮ᠎ᠠ ᠶᠢᠨ ᠮᠤᠳᠤ︾ ᠭᠡᠳᠡᠭ᠃ | | ᠬᠠᠪᠤᠷ ᠪᠣᠯᠬᠤ ᠪᠦᠷᠢ ᠵᠠᠭᠤ ᠭᠠᠷᠤᠢ ᠬᠤᠨ ᠭᠠᠯᠠᠭᠤ ᠯᠤᠤᠬ᠎ᠠ ᠶᠢᠨ ᠭᠤᠣᠯ ᠤᠨ ᠬᠥᠪᠡᠭᠡᠨ ᠳᠤ ᠨᠡᠭᠦᠳᠡᠯᠯᠡᠨ᠎ᠡ᠃ ᠡᠨᠡ | ᠨᠢ ᠯᠢ ᠵᠢᠶᠠ ᠶᠢᠩᠽᠢ ᠲᠤᠰᠬᠤᠨ ᠤ ᠦᠵᠡᠰᠬᠦᠯᠡᠩᠲᠦ ᠰᠠᠶᠢᠬᠠᠨ ᠦᠵᠡᠮᠵᠢ ᠶᠢᠨ ᠤᠷᠤᠨ ᠪᠤᠯᠪᠠ᠃ | | ᠤᠰᠤᠨ ᠲᠤᠲᠤᠷᠭ᠎ᠠ ᠳᠠᠷᠢᠬᠤ ᠪᠣᠯ ᠯᠢ ᠵᠢᠶᠠ ᠶᠢᠩᠽᠢ ᠲᠣᠰᠬᠤᠨ ᠤ ᠤᠨᠴᠠᠯᠢᠬᠳᠤ ᠠᠵᠤ ᠦᠢᠯᠡᠰ ᠪᠠᠶᠢᠵᠤ᠂ ᠭᠠᠵᠠᠷ | ᠵᠦᠶ ᠶᠢᠨ ᠳᠠᠪᠠᠭᠤᠯᠢᠭ ᠪᠠᠶᠢᠷᠢᠨ ᠳᠤ ᠲᠦᠰᠢᠭᠯᠡᠨ᠂ ᠴᠢᠨᠠᠷ ᠰᠠᠶᠢᠲᠠᠶ ᠲᠤᠲᠤᠷᠭ᠎ᠠ ᠶᠢᠨ ᠦᠨᠦᠷ ᠠᠩᠬᠢᠯᠤᠮ᠎ᠠ᠂ ᠰᠢᠮ᠎ᠡ | ᠲᠡᠵᠢᠭᠡᠯ ᠡᠯᠪᠡᠭ ᠪᠠᠶᠢᠳᠠᠭ᠃ | | ᠯᠢ ᠵᠢᠶᠠ ᠶᠢᠩᠽᠢ ᠲᠣᠰᠬᠤᠨ ᠪᠣᠯ ᠭᠤᠷᠪᠠᠨᠬᠤᠸᠠ ᠪᠠᠯᠭᠠᠰᠤᠨ ᠤ ᠢᠳᠡᠰᠢᠨᠦᠬᠡᠷ ᠲᠡᠵᠢᠭᠡᠨ ᠦᠷᠡᠵᠢᠭᠦᠯᠬᠦ ᠲᠤᠰᠬᠠᠢ | ᠲᠣᠰᠬᠤᠨ ᠤ ᠨᠢᠭᠡ ᠪᠣᠯᠤᠨ᠎ᠠ᠂ ︽ᠪᠠᠭ᠎ᠠ ᠬᠡᠪᠴᠢᠶᠡᠨ ᠤ᠂ ᠶᠡᠭᠡ ᠬᠠᠮᠲᠤᠯᠢᠭ︾ ᠤᠨ ᠰᠡᠳᠬᠢᠴᠡ ᠶᠣᠰᠣᠭᠠᠷ ᠢᠳᠡᠰᠢᠨ | ᠦᠬᠡᠷ ᠤᠨ ᠠᠵᠤ ᠦᠢᠯᠡᠰ ᠢ ᠪᠦᠬᠦ ᠲᠣᠰᠬᠤᠨ ᠢᠶᠠᠷ ᠠᠬᠢᠭᠤᠯᠤᠨ᠎ᠠ᠃ ᠪᠦᠬᠦ ᠲᠣᠰᠬᠤᠨ ᠳᠤ ᠢᠳᠡᠰᠢᠨ ᠦᠬᠡᠷ ᠲᠡᠵᠢᠭᠡᠨ | ᠦᠷᠡᠵᠢᠭᠦᠯᠬᠦ ᠪᠠᠭ᠎ᠠ ᠲᠣᠭᠤᠷᠢᠭ 1 ᠪᠠᠶᠢᠵᠤ᠂ ᠢᠳᠡᠰᠢᠨ ᠦᠬᠡᠷ 2800 ᠪᠣᠶ᠃ |