ᠰᠢᠨ ᠾᠦᠢ  ᠪᠠᠯᠭᠠᠰᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠨᠠᠷ ᠰᠠᠶᠢᠲᠠᠢ ᠠᠬᠢᠭᠤᠯᠪᠠ
ᠨᠡᠶᠢᠲᠡᠯᠡᠭᠰᠡᠨ ᠴᠠᠭ᠄
2023/8/28
   ᠡᠨᠡ ᠵᠢᠯ ᠤᠨ 5 ᠰᠠᠷ᠎ᠠ ᠶᠢᠨ 8 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠶᠢᠰᠦᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠰᠢᠨ ᠾᠦᠢ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠲᠣᠭᠤᠷᠢᠨ ᠪᠠᠶᠢᠴᠠᠭᠠᠭᠰᠠᠨ ᠰᠠᠨᠠᠯ ᠢᠶᠠᠨ ᠬᠠᠷᠢᠭᠤ ᠲᠤᠰᠬᠠᠵᠤ᠂ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠯᠤᠰ ᠲᠥᠷᠥ ᠶᠢ ᠡᠷᠬᠢᠮᠯᠡᠬᠦ ᠦᠨᠳᠦᠷᠴᠡ ᠠᠴᠠ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ 3 ᠰᠠᠷ᠎ᠠ ᠭᠠᠷᠤᠶ ᠶᠢᠨ ᠴᠥᠬᠦᠷᠡᠰᠢ ᠥᠬᠡᠶ ᠴᠢᠷᠮᠠᠶᠢᠯᠭ᠎ᠠ ᠪᠠᠷ ᠳᠡᠮᠵᠢᠨ ᠲᠣᠪᠤᠶᠢᠮ᠎ᠠ ᠠᠮᠵᠢᠯᠲᠠ ᠣᠯᠵᠠᠶ᠃    ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠳᠡᠭᠡᠷ᠎ᠡ ᠬᠦᠴᠦ ᠲᠠᠯᠪᠢᠬᠤ ᠬᠡᠷᠡᠭᠲᠡᠶ᠃ ᠪᠠᠯᠭᠠᠰᠤᠨ ᠤ ᠨᠠᠮ ᠤᠨ ᠬᠤᠷᠢᠶ᠎ᠠ ᠤᠷᠢᠳ ᠬᠤᠵᠢᠳ 2 ᠤᠳᠠᠭ᠎ᠠ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠴᠡᠭᠴᠡᠯᠡᠨ ᠰᠠᠶᠢᠵᠢᠷᠠᠭᠤᠯᠬᠤ ᠲᠥᠰᠦᠯ ᠢ ᠰᠤᠳᠤᠯᠤᠨ ᠲᠣᠭᠲᠠᠭᠠᠵᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ 13 ᠠᠰᠠᠭᠤᠳᠠᠯ ᠪᠠ ᠬᠤᠲᠠ ᠶᠢᠨ ᠨᠠᠮ ᠤᠨ ᠬᠤᠷᠢᠶᠠᠨ ᠤ ᠱᠦᠵᠢ ᠶᠢᠨ ᠴᠡᠭ ᠲᠣᠭᠲᠠᠭᠠᠨ 5 ᠠᠰᠠᠭᠤᠳᠠᠯ ᠳᠤᠷᠠᠳᠴᠤ᠂ ᠠᠰᠠᠭᠤᠳᠠᠯ ᠤᠨ ᠨᠠᠷᠢᠨ ᠲᠠᠩᠰᠠ ᠶᠢ 47 ᠨᠠᠷᠢᠯᠢᠬᠵᠢᠭᠤᠯᠵᠤ᠂ 135 ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠬᠠᠷᠢᠭᠤᠴᠠᠯᠭᠠᠲᠤ ᠤᠳᠤᠷᠢᠳᠤᠯᠭ᠎ᠠ᠂ ᠬᠠᠷᠢᠭᠤᠴᠠᠯᠭᠠᠲᠤ ᠰᠠᠯᠠᠭ᠎ᠠ ᠮᠥᠴᠢᠷ᠂ ᠬᠠᠷᠢᠭᠤᠴᠠᠯᠭᠠᠲᠠᠨ ᠪᠠ ᠪᠡᠶᠡᠯᠡᠭᠦᠯᠬᠦ ᠴᠠᠭ ᠤᠨ ᠬᠢᠵᠠᠭᠠᠷ ᠢ ᠨᠢᠭᠡᠳ ᠨᠢᠭᠡ ᠪᠠᠷ ᠲᠣᠳᠣᠷᠬᠠᠶᠢᠯᠠᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠲᠦᠷᠦᠭᠦᠯᠡᠨ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠰᠤᠳᠤᠯᠤᠨ ᠲᠣᠬᠢᠷᠠᠭᠤᠯᠵᠤ᠂ ᠡᠴᠦᠰ ᠲᠤᠨᠢ ᠲᠤᠯᠲᠠᠯ᠎ᠠ ᠠᠳᠬᠤᠵᠤ᠂ ᠺᠠᠩ ᠵᠢᠶᠠ ᠳ᠋ᠢᠶᠠᠨ ᠲᠣᠰᠬᠤᠨ ᠤ ᠨᠠᠷᠠᠨ ᠭᠡᠷᠡᠯ ᠤᠨ ᠬᠦᠯᠡᠮᠵᠢ ᠶᠢᠨ ᠢᠨᠵᠧᠨᠧᠷᠢᠩ ᠤᠨ ᠵᠣᠭᠤᠰ ᠢ ᠰᠢᠯᠵᠢᠭᠦᠯᠦᠨ ᠥᠭᠭᠦᠭᠰᠡᠨ ᠦᠭᠡᠢ ᠵᠡᠷᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠲᠥᠷᠥᠯ  ᠵᠦᠢᠯ ᠢ ᠴᠠᠭ ᠲᠤᠬᠠᠶ ᠳᠤᠨᠢ ᠠᠬᠢᠭᠤᠯᠬᠤ ᠶᠢ ᠪᠠᠲᠤᠯᠠᠪᠠ᠃    ᠦᠨᠡᠨᠬᠦᠦ ᠠᠳᠬᠤᠵᠤ ᠦᠨᠡᠨᠬᠦᠦ ᠥᠭᠡᠷᠡᠴᠢᠯᠡᠬᠦ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠳᠤᠮᠳᠠ ᠪᠠᠯᠭᠠᠰᠤᠨ ᠤ ᠱᠠᠲᠤᠨ ᠤ ᠲᠠᠰ ᠳᠠᠪᠬᠤᠷᠭ᠎ᠠ ᠳᠤ 12 ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠣᠰᠬᠤᠨ ᠤ ᠱᠠᠲᠤᠨ ᠤ 74 ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢ ᠵᠢᠭᠠᠨ ᠵᠢᠯᠣᠭᠤᠳᠴᠤ᠂ ᠲᠣᠰᠬᠤᠨ ᠤ ᠱᠠᠲᠤᠨ ᠤ ᠭᠤᠷᠪᠠᠨ ᠪᠠᠯᠠ ᠮᠥᠩᠭᠦ ᠶᠢᠨ ᠬᠠᠮᠢᠶᠠᠷᠤᠯᠲᠠ᠂ ︽ᠭᠤᠷᠪᠠᠨ ᠶᠠᠪᠤᠳᠠᠯ ᠢ ᠢᠯᠡ ᠪᠣᠯᠭᠠᠬᠤ︾᠂ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ ᠵᠡᠷᠭᠡ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠢ 5 ᠤᠳᠠᠭ᠎ᠠ ᠬᠤᠷᠠᠯᠳᠤᠭᠤᠯᠵᠤ᠂ 240 ᠭᠠᠷᠤᠶ ᠬᠥᠮᠦᠨ ᠤᠳᠠᠭ᠎ᠠ ᠶᠢ ᠪᠣᠯᠪᠠᠰᠤᠷᠠᠭᠤᠯᠵᠤ᠂ ᠪᠠᠯᠭᠠᠰᠤ ᠲᠣᠰᠬᠤᠨ ᠬᠤᠶᠠᠷ ᠱᠠᠲᠤᠨ ᠤ ᠠᠵᠢᠯ ᠤᠨ ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠪᠡ᠃ ᠨᠠᠮ ᠤᠨ ᠭᠡᠰᠢᠭᠦᠨ ᠤ ᠲᠥᠯᠥᠪᠦᠷᠢ᠂ ᠨᠠᠮ ᠤᠨ ᠰᠦᠢᠳᠬᠡᠯ ᠵᠡᠷᠭᠡ ᠪᠡᠯᠡ ᠮᠥᠩᠭᠦ ᠶᠢ ᠨᠡᠶᠢᠲᠡ 1.4 ᠲᠦᠮᠡ ᠭᠠᠷᠤᠢ ᠲᠥᠭᠦᠷᠢᠭ ᠨᠡᠬᠡᠮᠵᠢᠯᠡᠨ ᠲᠤᠰᠢᠶᠠᠯᠭᠠᠵᠤ᠂ 5 ᠬᠥᠮᠦᠨ ᠢ ᠰᠠᠨᠠᠭᠤᠯᠤᠨ ᠶᠠᠷᠢᠯᠴᠠᠵᠤ᠂ ᠪᠦᠬᠦ ᠪᠠᠯᠭᠠᠰᠤ ᠪᠠᠷ ᠢᠶᠠᠨ 1 ᠬᠥᠮᠦᠨ ᠢ ᠵᠠᠷᠯᠠᠨ ᠰᠢᠭᠦᠮᠵᠢᠯᠡᠵᠦ᠂ ᠪᠦᠬᠦ ᠺᠠᠳ᠋ᠷ ᠢ ᠬᠦᠴᠦᠲᠡᠢ ᠰᠡᠷᠡᠮᠵᠢᠯᠡᠭᠦᠯᠦᠨ ᠬᠥᠮᠦᠵᠢᠭᠦᠯᠪᠡ᠃    ᠦᠷ᠎ᠡ ᠪᠦᠲᠦᠭᠡᠯ ᠢ ᠪᠠᠲᠤᠯᠠᠬᠤ ᠳᠡᠭᠡᠷ᠎ᠡ ᠬᠦᠴᠦ  ᠲᠠᠯᠪᠢᠬᠤ ᠬᠡᠷᠡᠭᠲᠡᠢ᠃ ᠪᠠᠯᠭᠠᠰᠤᠨ ᠤ ᠨᠠᠮ ᠤᠨ ᠬᠤᠷᠢᠶ᠎ᠠ ᠴᠠᠭᠳᠠᠨ ᠪᠠᠶᠢᠴᠠᠭᠠᠭᠰᠠᠨ ᠦᠷ᠎ᠡ ᠪᠦᠲᠦᠭᠡᠯ ᠢ ᠭᠦᠢᠴᠡᠳ ᠠᠰᠢᠭᠯᠠᠨ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠶᠢ ᠪᠠᠷᠢᠮᠲᠠᠯᠠᠵᠤ᠂ ᠡᠯ᠎ᠡ ᠵᠦᠢᠯ ᠤᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠪᠠ᠃ ᠨᠠᠮ ᠤᠨ ᠭᠡᠰᠢᠭᠦᠨ ᠤ ᠦᠵᠡᠯ ᠰᠠᠨᠠᠭᠠᠨ ᠤ ᠬᠥᠮᠦᠵᠢᠯ ᠠᠴᠠ ᠭᠠᠷᠳᠠᠵᠤ᠂ ᠬᠤᠷᠠᠯ ᠠᠴᠠ ᠡᠮᠦᠨ᠎ᠡ ᠣᠨᠣᠯ ᠰᠤᠷᠤᠯᠴᠠᠬᠤ ᠳᠦᠷᠢᠮ ᠢ ᠪᠠᠷᠢᠮᠲᠠᠯᠠᠵᠤ᠂ ᠺᠠᠳ᠋ᠷ ᠤᠨ ᠦᠵᠡᠯ ᠰᠠᠨᠠᠭ᠎ᠠ ᠲᠠᠨᠢᠯᠲᠠ ᠶᠢ ᠠᠯᠬᠤᠮ ᠠᠯᠬᠤᠮ ᠢᠶᠠᠷ  ᠳᠡᠭᠡᠭᠰᠢᠯᠡᠭᠦᠯᠪᠡ᠃ ᠺᠠᠳ᠋ᠷ ᠤᠨ ᠠᠵᠢᠯ ᠳᠤ ᠭᠠᠷᠬᠤ ᠪᠠ ᠠᠵᠢᠯ ᠠᠴᠠ ᠪᠠᠭᠤᠬᠤ᠂ ᠬᠤᠷᠠᠯ ᠳᠤ ᠣᠷᠣᠯᠴᠠᠬᠤ᠂ ᠦᠢᠯᠡᠴᠢᠯᠡᠭᠡᠨ ᠤ ᠴᠤᠩᠬᠤᠪᠴᠢ ᠵᠡᠷᠭᠡ ᠪᠠᠶᠢᠭᠤᠯᠭ᠎ᠠ ᠶᠢᠨ ᠰᠤᠷᠲᠠᠯ ᠠᠴᠠ ᠭᠠᠷᠳᠠᠵᠤ᠂ ᠮᠡᠳᠡᠭᠡᠯᠡᠬᠦ ᠶᠣᠰᠣᠲᠠᠶ ᠶᠢ ᠨᠢ ᠵᠠᠷᠯᠠᠨ ᠮᠡᠳᠡᠭᠳᠡᠵᠦ ᠂ ᠰᠢᠭᠦᠮᠵᠢᠯᠡᠬᠦ ᠶᠣᠰᠣᠲᠠᠶ ᠶᠢ ᠨᠢ ᠰᠢᠭᠦᠮᠵᠢᠯᠡᠪᠡ᠃ ᠠᠷᠠᠳ ᠤᠨ ᠠᠮᠢᠳᠤᠷᠠᠯ ᠤᠨ ᠬᠦᠷᠢᠶᠡᠨ ᠳᠤ ᠬᠤᠯᠪᠣᠭᠳᠠᠭᠰᠠᠨ ᠲᠦᠷᠦᠯ ᠵᠦᠢᠯ ᠤᠨ ᠪᠡᠯᠡ ᠮᠥᠩᠭᠦ ᠠᠴᠠ ᠭᠠᠷᠳᠠᠵᠤ᠂ ᠤᠷᠢᠳᠴᠢᠯᠠᠨ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠨᠠᠶᠢᠳᠠᠪᠤᠷᠢᠵᠢᠭᠤᠯᠬᠤ ᠶᠠᠪᠤᠴᠠ ᠳᠠᠬᠢ ᠰᠠᠬᠢᠯᠭ᠎ᠠ ᠪᠠᠲᠤ ᠪᠠ ᠬᠠᠤᠯᠢ ᠴᠠᠭᠠᠵᠠ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ  ᠨᠠᠶᠢᠳᠠᠪᠤᠷᠢᠵᠢᠭᠤᠯᠪᠠ᠃    ᠲᠣᠰ ᠤᠳᠠᠭᠠᠨ ᠤ ᠴᠡᠭᠴᠡᠯᠡᠨ ᠰᠠᠶᠢᠵᠢᠷᠠᠭᠤᠯᠬᠤ ᠪᠠᠷ ᠳᠡᠮᠵᠢᠨ᠂ ᠪᠥᠬᠦ ᠪᠠᠯᠭᠠᠰᠤᠨ ᠤ ᠺᠠᠳ᠋ᠷᠴᠤᠳ ᠤᠨ ᠤᠯᠤᠰ ᠲᠥᠷᠥ ᠶᠢᠨ ᠤᠬᠠᠮᠰᠠᠷ ᠪᠠ ᠶᠣᠰᠣ ᠲᠦᠷᠢᠮ ᠤᠨ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠡᠯ᠎ᠡ ᠵᠦᠢᠯ ᠤᠨ ᠠᠵᠢᠯ ᠢ ᠪᠦᠲᠦᠮᠵᠢᠲᠡᠶ ᠵᠢᠷᠤᠮᠵᠢᠭᠤᠯᠤᠨ᠂ ᠲᠣᠭᠤᠷᠢᠨ ᠪᠠᠶᠢᠴᠠᠭᠠᠵᠤ ᠠᠰᠠᠭᠤᠳᠠᠯ ᠢ ᠢᠯᠡᠷᠡᠭᠦᠯᠬᠦ᠂ ᠥᠭᠡᠷᠡᠴᠢᠯᠡᠯᠲᠡ ᠶᠢ ᠠᠬᠢᠭᠤᠯᠬᠤ᠂ ᠬᠥᠭᠵᠢᠯᠲᠡ ᠶᠢ ᠠᠬᠢᠭᠤᠯᠬᠤ ᠦᠷ᠎ᠡ ᠪᠦᠲᠦᠮᠵᠢ ᠶᠢ ᠪᠡᠶᠡᠯᠡᠭᠦᠯᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号