| ᠰᠤᠷᠤᠭᠴᠢᠳ ᠤᠨ ᠰᠢᠷᠭᠠᠭᠤ ᠰᠤᠷᠤᠯᠴᠠᠬᠤ᠂ ᠪᠦᠬᠦ ᠲᠠᠯ᠎ᠠ ᠪᠠᠷ ᠬᠥᠭᠵᠢᠬᠦ ᠢᠳᠡᠪᠬᠢᠵᠢᠯ ᠢ ᠳᠡᠭᠡᠭᠰᠢᠯᠡᠭᠦᠯᠵᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠯᠢᠳᠡᠭ ᠴᠢᠳᠠᠪᠤᠷᠢᠲᠠᠨ ᠢ ᠤᠯᠠᠮ ᠨᠢᠭᠡ ᠠᠯᠬᠤᠮ | ᠬᠥᠮᠦᠵᠢᠭᠦᠯᠬᠦ ᠶᠢᠨ ᠲᠥᠯᠥᠭᠡ᠂ ᠭᠤᠷᠪᠠᠨᠬᠤᠸᠠ ᠪᠠᠯᠭᠠᠰᠤᠨ ᠤ ᠵᠧᠦ ᠵᠢᠶᠠ ᠳ᠋ᠢ ᠲᠣᠰᠬᠤᠨ 2023 ᠣᠨ ᠤ | ᠰᠢᠨ᠎ᠡ ᠪᠠᠷ ᠡᠯᠰᠡᠭᠳᠡᠭᠰᠡᠨ ᠤᠶᠤᠲᠠᠳ ᠤᠨ ᠰᠤᠷᠤᠯᠭ᠎ᠠ ᠶᠢ ᠲᠡᠳᠬᠦᠬᠦ ᠱᠠᠩᠨᠠᠯ ᠣᠯᠭᠤᠬᠤ ᠶᠣᠰᠣᠯᠠᠯ ᠢ ᠡᠷᠬᠢᠯᠡᠪᠡ᠃ | ᠬᠤᠷᠠᠯ ᠳᠡᠭᠡᠷ᠎ᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ 12 | ᠰᠣᠷᠣᠭᠴᠢ ᠳᠤ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠰᠤᠷᠤᠭᠴᠢ ᠪᠦᠷᠢ ᠳᠤ 1000 ᠲᠥᠭᠦᠷᠢᠭ ᠲᠠᠷᠬᠠᠭᠠᠨ | ᠵᠣᠷᠢᠭᠵᠢᠭᠤᠯᠪᠠ᠃ ᠲᠣᠰᠬᠤᠨ ᠤ ᠨᠠᠮ ᠤᠨ ᠶᠡᠷᠦᠩᠬᠡᠢ ᠡᠭᠦᠷ ᠤᠨ ᠱᠦᠵᠢ ᠵᠤᠤ ᠶᠦᠩ ᡁᠢ ᠲᠤᠰ ᠲᠣᠰᠬᠤᠨ ᠤ ᠪᠠᠨ | 2023 ᠣᠨ ᠤ ᠰᠢᠯᠢᠳᠡᠭ ᠬᠢᠷᠢ ᠪᠦᠲᠦᠮᠵᠢ ᠣᠯᠵᠤ ᠶᠡᠭᠡ ᠰᠤᠷᠭᠠᠭᠤᠯᠢ ᠳᠤ ᠰᠢᠯᠭᠠᠭᠤᠯᠤᠭᠰᠠᠨ ᠤᠯᠤᠰ ᠤᠨ | ᠨᠢᠭᠡᠳᠦᠯᠲᠡᠢ ᠰᠢᠯᠭᠠᠯᠲᠠ ᠶᠢᠨ ᠰᠤᠷᠤᠭᠴᠢᠳ ᠲᠤ ᠪᠠᠶᠠᠷ ᠬᠦᠷᠭᠡᠵᠦ᠂ ᠲᠡᠳᠡᠨ ᠢ ᠴᠢᠷᠮᠠᠶᠢᠨ ᠰᠤᠷᠤᠯᠴᠠᠵᠤ᠂ | ᠴᠥᠬᠦᠷᠡᠰᠢ ᠦᠭᠡᠢ ᠲᠡᠮᠡᠴᠡᠵᠦ᠂ ᠬᠤᠶᠢᠰᠢᠳᠠ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠡᠷᠡᠮᠡᠬᠡᠶᠢᠯᠡᠨ | ᠤᠷᠤᠭᠰᠢᠯᠠᠵᠤ᠂ ᠨᠤᠲᠤᠭ ᠤᠰᠤ ᠪᠠᠨ ᠪᠦᠳᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ | ᠵᠣᠷᠢᠭᠵᠢᠭᠤᠯᠪᠠ᠃ | ᠲᠣᠰ ᠤᠳᠠᠭᠠᠨ ᠤ ᠠᠵᠢᠯᠯᠠᠭ᠎ᠠ ᠨᠢ ᠰᠢᠨ᠎ᠡ ᠪᠠᠷ ᠰᠢᠯᠭᠠᠨ ᠡᠯᠰᠡᠭᠰᠡᠨ ᠶᠡᠭᠡ ᠰᠤᠷᠭᠠᠭᠤᠯᠢ ᠳᠤ ᠡᠯᠰᠡᠭᠳᠡᠭᠰᠡᠨ | ᠰᠤᠷᠤᠭᠴᠢᠳ ᠢ ᠬᠥᠬᠢᠭᠦᠯᠦᠨ ᠰᠠᠶᠢᠰᠢᠶᠠᠬᠤ ᠪᠠᠷ ᠳᠠᠮᠵᠢᠭᠤᠯᠤᠨ ᠦᠯᠢᠭᠡᠷ ᠳᠠᠭᠤᠷᠢᠶᠠᠯ ᠪᠣᠯᠬᠤ ᠶᠢ ᠵᠣᠷᠢᠭᠵᠢᠭᠤᠯᠵᠤ᠂ | ᠬᠤᠪᠢ ᠬᠥᠮᠦᠨ ᠤ ᠦᠨ᠎ᠡ ᠥᠷᠲᠡᠭ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠳᠤ | ᠬᠤᠪᠢ ᠨᠡᠮᠡᠷᠢ ᠦᠵᠡᠭᠦᠯᠬᠦ ᠶᠢᠨ ᠲᠥᠯᠥᠭᠡ ᠶᠤᠮ᠂ ᠰᠢᠯᠢᠳᠡᠭ ᠴᠢᠳᠠᠪᠤᠷᠢᠲᠠᠨ ᠤ ᠬᠥᠭᠵᠢᠯᠲᠡ ᠳᠤ ᠲᠠᠰᠤᠷᠠᠯᠲᠠ | ᠥᠬᠡᠶ ᠪᠡᠯᠡᠳᠬᠡᠯ ᠬᠦᠴᠦᠨ ᠬᠠᠩᠭᠠᠵᠤ᠂ ᠪᠠᠰᠠ ᠡᠲᠡᠭᠡᠷ ᠱᠠᠩᠨᠠᠯ ᠨᠢ ᠰᠤᠷᠤᠭᠴᠢᠳ ᠤᠨ ᠬᠡᠷ ᠪᠦᠯᠢ ᠶᠢᠨ ᠠᠵᠤ | ᠠᠬᠤᠶ ᠶᠢᠨ ᠳᠠᠷᠤᠭᠠᠰᠤ ᠶᠢ ᠬᠥᠩᠭᠡᠷᠡᠭᠦᠯᠵᠦ᠂ ᠲᠡᠳᠡᠨ ᠢ ᠰᠤᠷᠤᠯᠭ᠎ᠠ ᠳᠠᠭᠠᠨ ᠨᠠᠩ ᠢᠯᠡᠭᠦᠤ ᠠᠩᠬᠠᠷᠤᠯ ᠢᠶᠠᠨ | ᠲᠥᠪᠯᠡᠷᠡᠭᠦᠯᠵᠦ᠂ ᠬᠦᠰᠡᠯᠡᠩ ᠢᠶᠠᠨ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠡᠭᠦᠨ ᠤ ᠬᠠᠮᠲᠤ ᠰᠤᠷᠭᠠᠨ | ᠬᠥᠮᠦᠵᠢᠯ ᠤᠨ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ | ᠰᠤᠷᠤᠭᠴᠢᠳ ᠤᠨ ᠤᠤᠭᠤᠬᠤ ᠤᠰᠤᠨ ᠤ ᠡᠬᠢ ᠰᠤᠷᠪᠤᠯᠵᠢ ᠶᠢ ᠪᠣᠳᠣᠯᠬᠢᠯᠠᠵᠤ᠂ ᠬᠠᠮᠢᠭ᠎ᠠ ᠴᠤ ᠭᠡᠰᠡᠨ᠂ ᠨᠤᠲᠤᠭ | ᠤᠰᠤ ᠪᠠᠨ ᠪᠥᠲᠥᠭᠡᠨ ᠪᠠᠶᠢᠭᠤᠯᠬᠤ ᠪᠠᠨ ᠮᠠᠷᠲᠠᠬᠤ ᠥᠬᠡᠶ᠂ ᠡᠬᠡ ᠤᠯᠤᠰ ᠲᠠᠭᠠᠨ ᠬᠦᠴᠦ ᠪᠠᠨ ᠡᠷᠭᠦᠬᠦ ᠶᠢ ᠬᠦᠰᠡᠵᠦ | ᠪᠠᠶᠢᠨ᠎ᠠ ᠭᠡᠪᠡ᠃ |