ᠭᠤᠷᠪᠠᠨᠬᠤᠸᠠ ᠪᠠᠯᠭᠠᠰᠤ᠄ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ ᠭᠠᠵᠠᠷ ᠰᠢᠷᠣᠶ ᠶᠢᠨ ᠬᠠᠤᠯᠢ ᠠᠴᠠ ᠵᠥᠷᠢᠴᠡᠬᠦ ᠶᠢ ᠡᠷᠡᠰ  ᠬᠤᠷᠢᠭᠯᠠᠨ᠎ᠠ
ᠨᠡᠶᠢᠲᠡᠯᠡᠭᠰᠡᠨ ᠴᠠᠭ᠄
2023/8/29
     ᠲᠠᠷᠢᠶᠠᠨ ᠭᠠᠵᠠᠷ ᠤᠨ ᠬᠠᠮᠠᠭᠠᠯᠠᠯᠲᠠ ᠶᠢ ᠦᠨᠡᠨᠬᠦ ᠴᠢᠩᠭᠠᠳᠬᠠᠵᠤ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠵᠤ᠂ ᠭᠠᠵᠠᠷ ᠰᠢᠷᠣᠶ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠦᠲᠦᠮᠵᠢᠲᠡᠶ ᠬᠤᠷᠢᠭᠯᠠᠬᠤ ᠶᠢᠨ ᠲᠥᠯᠥᠭᠡ᠂  ᠭᠤᠷᠪᠠᠨᠬᠤᠸᠠ ᠪᠠᠯᠭᠠᠰᠤ ᠭᠠᠵᠠᠷ ᠰᠢᠷᠣᠶ ᠶᠢᠨ ᠬᠡᠷᠡᠯ ᠵᠢᠷᠤᠭ ᠢ ᠬᠠᠷᠭᠤᠭᠤᠯᠤᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠭᠠᠵᠠᠷ ᠰᠢᠷᠣᠶ ᠶᠢᠨ ᠬᠠᠮᠢᠶᠠᠷᠤᠯᠲᠠ ᠶᠢ ᠴᠢᠩᠳᠠᠯᠠᠵᠤ᠂ ᠠᠵᠢᠯ ᠤᠨ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠤᠨ᠂ ᠬᠡᠷᠡᠯ ᠵᠢᠷᠤᠭ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠪᠠ᠃    2023 ᠣᠨ ᠳᠤ᠂ ᠭᠤᠷᠪᠠᠨᠬᠤᠸᠠ ᠪᠠᠯᠭᠠᠰᠤᠨ ᠳᠤ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠳᠤᠷᠢᠳᠬᠤ ᠳᠤᠭᠤᠶᠢᠯᠠᠩ ᠪᠠᠶᠢᠭᠤᠯᠵᠤ᠂ ᠡᠯ᠎ᠡ ᠲᠣᠰᠬᠤᠨ ᠤ ᠨᠠᠮ ᠤᠨ ᠶᠡᠷᠦᠩᠬᠡᠶ ᠡᠭᠦᠷ ᠤᠨ ᠱᠦᠵᠢ ︽ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠠᠷᠢᠭᠤᠴᠠᠯᠭ᠎ᠠ ᠶᠢᠨ ᠪᠢᠴᠢᠭ︾ ᠲᠤ ᠭᠠᠷ ᠤᠨ ᠥᠰᠥᠭ ᠵᠢᠷᠤᠵᠤ᠂ ᠨᠠᠷᠢᠨ ᠨᠢᠮᠪᠠᠶ ᠪᠠᠶᠢᠷᠢᠯᠠᠭᠤᠯᠤᠨ᠂ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠳᠠᠭᠠᠭᠤᠯᠢ ᠣᠳᠣᠨ ᠤ ᠹᠢᠯᠢᠮ ᠤᠨ ᠵᠢᠷᠤᠭ ᠤᠨ ᠲᠣᠯᠪᠤ ᠶᠢᠨ ᠪᠠᠶᠢᠴᠠᠭᠠᠯᠲᠠ ᠶᠢᠨ ᠭᠡᠷᠡᠴᠢ ᠳᠤᠷᠠᠳᠬᠤ ᠠᠵᠢᠯ ᠤᠨ ᠡᠭᠦᠷᠭᠡ ᠶᠢ ᠴᠢᠩᠭ᠎ᠠ ᠨᠠᠶᠢᠳᠠᠪᠤᠷᠢᠵᠢᠭᠤᠯᠪᠠ᠃  ᠭᠤᠷᠪᠠᠨᠬᠤᠸᠠ ᠪᠠᠯᠭᠠᠰᠤ ᠲᠤᠰᠬᠠᠢ ᠬᠥᠮᠦᠨ ᠲᠣᠮᠢᠯᠠᠨ ᠪᠠᠶᠢᠴᠠᠭᠠᠯᠲᠠ ᠬᠢᠵᠦ ᠬᠡᠷᠡᠴᠢ ᠪᠠᠷᠢᠮᠲᠠ ᠳᠤᠷᠠᠳᠬᠤ ᠠᠵᠢᠯ ᠢ ᠬᠠᠷᠢᠭᠤᠴᠠᠭᠤᠯᠵᠤ᠂ ᠳᠡᠭᠡᠳᠦ ᠱᠠᠲᠤᠨ ᠤ ᠬᠠᠷᠢᠭᠤ ᠲᠤᠰᠬᠠᠭᠰᠠᠠ ᠳᠠᠭᠠᠭᠤᠯᠢ ᠤᠳᠤᠨ ᠤ ᠵᠢᠷᠤᠭ ᠤᠨ ᠲᠣᠯᠪᠤ ᠳᠤ ᠡᠭᠡ ᠲᠠᠩᠰᠠ ᠪᠠᠶᠢᠭᠤᠯᠵᠤ᠂ ᠡᠭᠡ ᠲᠠᠩᠰᠠ ᠳᠠᠬᠢ ᠳᠠᠭᠠᠭᠤᠯᠢ ᠤᠳᠤᠨ ᠤ ᠵᠢᠷᠤᠭ ᠤᠨ ᠲᠣᠯᠪᠤ ᠶᠢ ᠨᠢᠭᠡᠳ ᠨᠢᠭᠡ ᠪᠠᠷ ᠲᠤᠬᠠᠢ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠵᠤ ᠬᠡᠷᠡᠴᠢ ᠳᠤᠷᠠᠳᠴᠤ᠂ ᠳᠠᠭᠠᠭᠤᠯᠢ ᠤᠳᠤᠨ ᠤ ᠵᠢᠷᠤᠭ ᠤᠨ ᠲᠣᠯᠪᠤ ᠶᠢ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠳᠤ ᠰᠣᠬᠤᠷ ᠪᠠᠯᠠᠢ ᠣᠷᠣᠨ ᠦᠯᠡᠳᠡᠭᠡᠬᠦ ᠦᠭᠡᠢ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠶᠢ ᠪᠠᠲᠤᠯᠠᠵᠤ᠂ ᠠᠰᠠᠭᠤᠳᠠᠯ ᠲᠠᠬᠢᠨ ᠡᠭᠦᠰᠬᠦ ᠶᠢ ᠰᠡᠷᠭᠡᠶᠢᠯᠡᠨ᠎ᠡ᠃    ᠲᠠᠷᠠᠭᠠᠴᠢ ᠶᠢᠨ ᠠᠯᠬᠤᠮ ᠳᠤ᠂  ᠭᠤᠷᠪᠠᠨᠬᠤᠸᠠ ᠪᠠᠯᠭᠠᠰᠤ ᠶᠢᠨ ᠬᠢᠨ ᠬᠦᠴᠦᠯᠡᠨ ᠴᠢᠷᠮᠠᠶᠢᠵᠤ᠂ ︽ᠥᠴᠦᠬᠡᠨ ᠴᠦ ᠠᠭᠤᠴᠢᠯᠠᠬᠤ ᠥᠬᠡᠶ︾ ᠣᠪᠣᠷ ᠢᠶᠠᠷ ᠬᠡᠷᠡᠯ ᠵᠢᠷᠤᠭ ᠤᠨ ᠪᠠᠶᠢᠴᠠᠭᠠᠯᠲᠠ ᠶᠢᠨ ᠭᠡᠷᠡᠴᠢ ᠳᠤᠷᠠᠳᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠴᠢᠩᠳᠠᠯᠠᠵᠤ᠂ ᠬᠠᠤᠯᠢ ᠲᠣᠭᠲᠠᠭᠠᠯ ᠠᠴᠠ ᠵᠥᠷᠢᠴᠡᠨ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ  ᠰᠢᠢᠳᠪᠦᠷᠢᠯᠡᠵᠦ ᠂ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ︽ᠲᠠᠷᠢᠶᠠᠯᠠᠩ ᠤᠨ ᠪᠤᠰᠤ ᠪᠣᠯᠭᠠᠬᠤ︾ ᠶᠢ ᠲᠠᠰᠤ ᠬᠤᠷᠢᠭᠯᠠᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠪᠠᠲᠤ ᠰᠠᠬᠢᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号