ᠰᠢᠨ ᠾᠦᠢ ᠪᠠᠯᠭᠠᠰᠤᠨ ᠤ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠣᠩᠨᠢᠭᠤᠳ ᠬᠤᠰᠢᠭᠤᠨ ᠳᠤ ᠬᠦᠷᠴᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2023/8/29
   ᠰᠢᠨ ᠾᠦᠢ ᠪᠠᠯᠭᠠᠰᠤ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠢᠳᠡᠰᠢᠨ ᠦᠬᠡᠷ ᠤᠨ ᠠᠵᠤ ᠦᠢᠯᠡᠰ ᠤᠨ ᠶᠡᠷᠦᠩᠬᠡᠶ ᠬᠥᠭᠵᠢᠯᠲᠡ ᠶᠢᠨ ᠰᠡᠳᠬᠢᠴᠡ ᠶᠢᠨ ᠲᠣᠭᠤᠷᠢᠨ ᠳᠤ᠂ ᠢᠳᠡᠰᠢᠨ ᠦᠬᠡᠷ ᠤᠨ ᠠᠵᠤ  ᠦᠢᠯᠡᠰ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠶᠢ ᠳᠠᠶᠢᠴᠢᠯᠠᠬᠤ ᠴᠢᠬᠤᠯᠠ ᠭᠠᠷᠳᠠᠴᠠ ᠪᠣᠯᠭᠠᠵᠤ᠂ ︽ᠬᠦᠷᠢᠶ᠎ᠡ ᠬᠠᠰᠢᠶ᠎ᠠ ᠶᠢᠨ ᠠᠵᠤ ᠠᠬᠤᠶ︾ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠰᠢᠨ᠎ᠡ ᠬᠥᠳᠡᠯᠭᠡᠭᠴᠢ  ᠬᠦᠴᠦᠨ ᠪᠣᠯᠭᠠᠬᠤ ᠶᠢ ᠤᠯᠠᠮ ᠨᠢᠭᠡ ᠠᠯᠬᠤᠮ ᠢᠳᠡᠪᠬᠢᠲᠡᠶ ᠪᠠᠷ ᠬᠠᠶᠢᠨ ᠰᠦᠪᠡᠭᠴᠢᠯᠡᠬᠦ ᠶᠢᠨ ᠲᠥᠯᠥᠭᠡ᠂ ᠣᠶᠢᠷ᠎ᠠ ᠳᠤ᠂ ᠰᠢᠨ ᠾᠦᠢ ᠪᠠᠯᠭᠠᠰᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠮᠧᠩ ᠰᠢᠶᠠᠩ ᠢᠦᠶ ᠵᠢᠴᠢ ᠪᠠᠯᠭᠠᠰᠤᠨ ᠤ ᠮᠠᠯ ᠠᠵᠤ ᠠᠬᠤᠶ ᠶᠢᠨ ᠥᠷᠲᠡᠭᠡᠨ ᠤ ᠳᠠᠷᠤᠭ᠎ᠠ ᠰᠢᠶᠠ ᠴᠠᠩ  ᠹᠧᠩ ᠨᠠᠷ ᠣᠩᠨᠢᠭᠤᠳ ᠬᠤᠰᠢᠭᠤᠨ ᠤ ᠪᠣᠷᠤᠬᠤᠲᠠ ᠪᠠᠯᠭᠠᠰᠤᠨ ᠳᠤ ᠬᠦᠷᠴᠦ ᠢᠳᠡᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠨᠢᠭᠤᠷᠲᠠᠨ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠥᠩ ᠰᠢᠨ ᠮᠠᠯ ᠠᠷᠠᠯᠵᠢᠶᠠᠯᠠᠬᠤ ᠲᠥᠪ ᠠᠴᠠ ᠣᠳᠣᠬᠠᠨ ᠤ ᠢᠳᠡᠰᠢᠨ ᠦᠬᠡᠷ ᠤᠨ ᠵᠠᠬ᠎ᠠ ᠳᠡᠯᠭᠡᠭᠦᠷ ᠤᠨ ᠦᠨ᠎ᠡ ᠬᠠᠩᠰᠢ᠂ ᠭᠤᠤᠯ ᠭᠠᠷᠤᠯᠲᠠ ᠶᠢᠨ ᠭᠠᠵᠠᠷ ᠪᠠ ᠦᠨ᠎ᠡ ᠬᠠᠩᠰᠢ ᠶᠢᠨ ᠬᠠᠨᠳᠤᠰᠢ ᠶᠢ ᠨᠠᠷᠢᠨ ᠣᠶᠢᠯᠠᠭᠠᠪᠠ᠃ ᠳᠠᠷᠠᠭ᠎ᠠ ᠨᠢ᠂ ᠬᠤᠩ ᠨᠢᠦ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢᠨ ᠲᠡᠵᠢᠭᠡᠨ ᠦᠷᠡᠵᠢᠭᠦᠯᠬᠦ ᠲᠠᠯᠠᠪᠠᠢ ᠳᠤ ᠰᠢᠨᠵᠢᠯᠡᠨ ᠪᠠᠶᠢᠴᠠᠭᠠᠵᠤ᠂ ᠺᠣᠮᠫᠠᠨᠢ ᠶᠢᠨ ᠬᠠᠷᠢᠭᠤᠴᠠᠯᠭᠠᠲᠠᠨ ᠲᠠᠢ ᠬᠤᠶᠢᠰᠢᠳᠠ ᠶᠢᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠬᠠᠨᠳᠤᠰᠢ ᠪᠣᠯᠤᠨ ᠢᠳᠡᠰᠢᠨ ᠦᠬᠡᠷ ᠲᠡᠵᠢᠭᠡᠨ ᠦᠷᠡᠵᠢᠭᠦᠯᠬᠦ ᠲᠤᠷᠰᠢᠯᠭ᠎ᠠ ᠵᠡᠷᠭᠡ ᠠᠭᠤᠯᠭ᠎ᠠ ᠶᠢ ᠭᠦᠨᠵᠡᠭᠡᠢ ᠰᠣᠯᠢᠯᠴᠠᠨ ᠶᠠᠷᠢᠯᠴᠠᠪᠠ᠃    ᠣᠶᠢᠷ᠎ᠠ ᠶᠢᠨ ᠵᠢᠯ ᠳᠤ᠂ ᠰᠢᠨ ᠾᠦᠢ ᠪᠠᠯᠭᠠᠰᠤ ᠶᠢᠨ ᠬᠢᠨ ᠣᠯᠠᠨ ᠲᠦᠮᠡᠨ ᠢ ᠲᠠᠰᠤᠷᠠᠯᠲᠠ ᠥᠬᠡᠶ ᠬᠥᠲᠥᠯᠦᠨ ᠵᠢᠯᠣᠭᠤᠳᠴᠤ ᠪᠠᠶᠢᠭᠠᠳ ︽ᠬᠦᠷᠢᠶ᠎ᠡ ᠬᠠᠰᠢᠶ᠎ᠠ ᠶᠢᠨ ᠠᠵᠤ ᠠᠬᠤᠶ︾ ᠶᠢᠨ ᠠᠮᠢᠳᠤᠯᠢᠭ ᠲᠡᠵᠢᠭᠡᠨ ᠦᠷᠡᠵᠢᠭᠦᠯᠬᠦ ᠵᠠᠭᠪᠤᠷ ᠢ ᠰᠦᠪᠡᠭᠴᠢᠯᠡᠨ ᠦᠢᠯᠡᠳᠦᠯᠭᠡᠵᠢᠭᠦᠯᠵᠦ᠂  ᠢᠳᠡᠰᠢᠨ ᠦᠬᠡᠷ ᠤᠨ ᠠᠵᠤ ᠦᠢᠯᠡᠰ ᠢ ᠦᠨᠡᠨ ᠬᠦ ᠠᠷᠠᠳ ᠲᠤ ᠠᠰᠢᠭ ᠬᠦᠷᠲᠡᠭᠡᠬᠦ᠂ ᠠᠷᠠᠳ ᠢ ᠪᠠᠶᠠᠵᠢᠭᠤᠯᠬᠤ ᠠᠵᠤ  ᠦᠢᠯᠡᠰ ᠪᠣᠯᠭᠠᠭᠰᠠᠨ ᠪᠠᠶᠢᠨ᠎ᠠ᠃ ᠠᠵᠢᠯ ᠤᠨ ᠳᠤᠮᠳᠠ ᠪᠠᠨ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠡᠷᠦᠬᠡ ᠠᠮᠠ ᠶᠢᠨ ᠪᠠᠶᠢᠳᠠᠯ ᠳᠤᠨᠢ ᠲᠣᠬᠢᠷᠠᠭᠤᠯᠤᠨ ᠬᠥᠭᠵᠢᠭᠦᠯᠵᠦ᠂ ︽ᠬᠦᠷᠢᠶ᠎ᠡ ᠬᠠᠰᠢᠶ᠎ᠠ ᠶᠢᠨ ᠠᠵᠤ ᠠᠬᠤᠶ︾ ᠶᠢ ᠬᠦᠴᠦᠷᠬᠡᠭᠵᠢᠭᠦᠯᠦᠨ᠂ ︽ᠣᠷᠣᠯᠭ᠎ᠠ ᠪᠠᠨ ᠨᠡᠮᠡᠭᠳᠡᠭᠦᠯᠬᠦ ᠬᠦᠷᠢᠶᠡᠯᠡᠩ︾ ᠪᠣᠯᠭᠠᠵᠤ᠂ ︽ᠵᠢᠵᠢᠭ ᠬᠦᠷᠢᠶ᠎ᠡ ᠬᠠᠰᠢᠶ᠎ᠠ︾ ᠶᠢ ︽ᠪᠠᠶᠠᠵᠢᠭᠤᠯᠬᠤ ᠬᠦᠷᠢᠶᠡᠯᠡᠩ︾ ᠪᠣᠯᠭᠠᠨ ᠪᠥᠲᠥᠭᠡᠨ ᠪᠠᠶᠢᠭᠤᠯᠵᠤ᠂ ᠣᠯᠠᠨ ᠲᠦᠮᠡᠨ ᠤ ᠵᠣᠯ ᠵᠢᠷᠭᠠᠯ ᠤᠨ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠢ ᠦᠨᠡᠨ ᠬᠦ  ᠳᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号