| 8 ᠰᠠᠷ᠎ᠠ ᠶᠢᠨ 24 ᠤ ᠡᠳᠦᠷ ᠠᠴᠠ 25 ᠤ ᠡᠳᠦᠷ ᠪᠣᠯᠲᠠᠯ᠎ᠠ᠂ ᠡᠪ ᠬᠠᠮᠲᠤ ᠵᠠᠯᠠᠭᠤᠴᠤᠳ ᠤᠨ ᠡᠪᠯᠡᠯ ᠤᠨ | ᠪᠡᠭᠡᠵᠢᠩ ᠬᠤᠳᠠ ᠶᠢᠨ ᠬᠠᠶᠢᠳᠢᠶᠠᠨ ᠲᠣᠭᠤᠷᠢᠭ ᠤᠨ ᠬᠤᠷᠢᠶᠠᠨ ᠤ ᠳᠡᠳ᠋ ᠱᠦᠵᠢ ᠯᠢᠦ ᠶᠠ᠂ ᠡᠪ ᠬᠠᠮᠲᠤ | ᠵᠠᠯᠠᠭᠤᠴᠤᠳ ᠤᠨ ᠡᠪᠯᠡᠯ ᠤᠨ ᠪᠡᠭᠡᠵᠢᠩ ᠬᠤᠳᠠ ᠶᠢᠨ ᠬᠠᠶᠢᠳᠢᠶᠠᠨ ᠲᠣᠭᠤᠷᠢᠭ ᠤᠨ ᠬᠤᠷᠢᠶᠠᠨ ᠤ ᠨᠢᠭᠡᠳᠦᠮᠡᠯ | ᠹᠷᠣᠨᠲ ᠤᠨ ᠬᠡᠯᠲᠡᠰ ᠤᠨ ᠳᠠᠷᠤᠭ᠎ᠠ᠂ ᠬᠠᠶᠢᠳᠢᠶᠠᠨ ᠵᠠᠯᠠᠭᠤᠴᠤᠳ ᠤᠨ ᠬᠤᠯᠪᠣᠭ᠎ᠠ ᠶᠢᠨ ᠨᠠᠷᠢᠨ ᠪᠢᠴᠢᠭ ᠤᠨ ᠳᠠᠷᠤᠭ᠎ᠠ | ᠮᠥᠸᠧ ᠴᠢᠦ᠋ᠩ ᠰᠢᠨᠵᠢᠯᠡᠨ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ᠠᠤᠬᠠᠨ ᠬᠤᠰᠢᠭᠤᠨ ᠳᠤ ᠢᠷᠡᠵᠦ ᠵᠡᠭᠦᠨ | ᠪᠠᠷᠠᠭᠤᠨ ᠣᠷᠣᠨ ᠢ ᠰᠢᠨᠵᠢᠯᠡᠨ ᠪᠠᠶᠢᠴᠠᠭᠠᠵᠤ ᠵᠣᠯᠭᠠᠭᠤᠯᠬᠤ ᠠᠵᠢᠯ ᠢ ᠬᠢᠪᠡ᠃ ᠡᠪᠯᠡᠯ ᠤᠨ ᠬᠤᠰᠢᠭᠤᠨ ᠤ ᠨᠠᠮ ᠤᠨ | ᠬᠤᠷᠢᠶᠠᠨ ᠤ ᠱᠦᠵᠢ ᠵᠢᠶ ᠬᠤᠤ ᠢᠦᠶ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | ᠯᠢᠦ ᠶᠠ ᠨᠠᠷ ᠤᠷᠢᠳ ᠬᠤᠵᠢᠳ ᠠᠤᠬᠠᠨ ᠤ ᠮᠦᠽᠧᠢ᠂ ᠠᠤᠬᠠᠨ ᠬᠤᠰᠢᠭᠤᠨ ᠤ ᠾᠦᠢ ᠯᠦᠩ ᠬᠤᠯᠢᠮᠠᠭ | ᠠᠮᠤ ᠳᠠᠷᠢᠬᠤ ᠲᠠᠷᠢᠶᠠᠴᠢᠨ ᠤ ᠲᠤᠰᠬᠠᠢ ᠬᠤᠷᠰᠢᠶ᠎ᠠ᠂ ᠠᠤᠬᠠᠨ ᠬᠤᠰᠢᠭᠤᠨ ᠤ ᠨᠠᠷᠢᠮᠤ ᠶᠢᠨ ᠮᠦᠽᠧᠢ᠂ ᠴᠢᠩ ᠶᠦᠨ | ᠲᠡᠦᠬᠡ ᠶᠢᠨ ᠰᠣᠳᠣᠨ ᠵᠠᠮ ᠱᠤᠭᠤᠮ - ᠯᠢᠶᠠᠨ ᠵᠠᠩ ᠱᠠᠨ ᠠᠭᠤᠯᠠ᠂ ᠰᠠᠨ ᠱᠢ ᠡᠯ ᠯᠢᠶᠠᠨ ᠱᠠᠨ ᠠᠭᠤᠯᠠ᠂ | ᠪᠠᠭᠠᠴᠤᠳ ᠤᠨ ᠬᠤᠰᠢᠭᠤᠴᠢ ᠠᠩᠭᠢ ᠶᠢᠨ ᠰᠤᠷᠭᠠᠭᠤᠯᠢ ᠶᠢᠨ ᠭᠠᠳᠠᠨᠠᠬᠢ ᠦᠢᠯᠡᠳᠦᠯᠭᠡ ᠶᠢᠨ ᠰᠠᠭᠤᠷᠢᠨ ᠭᠠᠵᠠᠷ ᠤᠨ | ᠰᠢᠶᠠᠩ ᠶᠠᠩ ᠬᠤᠸᠠ ᠠᠮᠢ ᠨᠠᠰᠤ ᠶᠢ ᠣᠶᠢᠯᠠᠭᠠᠬᠤ ᠣᠷᠳᠣᠨ ᠵᠡᠷᠭᠡ ᠭᠠᠵᠠᠷ ᠲᠤ ᠬᠦᠷᠴᠦ ᠲᠤᠬᠠᠢ ᠶᠢᠨ | ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠠᠤᠬᠠᠨ ᠬᠤᠰᠢᠭᠤᠨ ᠤ ᠬᠥᠭᠵᠢᠯᠲᠡ ᠶᠢᠨ ᠣᠳᠣᠬᠢ ᠪᠠᠶᠢᠳᠠᠯ ᠢ ᠭᠦᠨᠵᠡᠭᠡᠢ | ᠣᠶᠢᠯᠠᠭᠠᠵᠤ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠬᠥᠭᠵᠢᠬᠦ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ | ᠵᠦᠢᠯ ᠢ ᠪᠡᠶᠡᠴᠢᠯᠡᠨ ᠣᠶᠢᠯᠠᠭᠠᠵᠤ᠂ ᠵᠡᠭᠦᠨ ᠪᠠᠷᠠᠭᠤᠨ ᠣᠷᠣᠨ ᠳᠤ ᠰᠢᠨᠵᠢᠯᠡᠨ ᠪᠠᠶᠢᠴᠠᠭᠠᠵᠤ ᠵᠣᠯᠭᠠᠭᠤᠯᠬᠤ ᠪᠣᠳᠠᠲᠠᠢ | ᠠᠭᠤᠯᠭ᠎ᠠ ᠶᠢ ᠵᠥᠪᠳᠡᠯᠴᠡᠬᠦ ᠶᠢᠨ ᠬᠠᠮᠲᠤ ᠬᠠᠮᠢᠶ᠎ᠠ ᠪᠦᠬᠦᠢ ᠠᠵᠢᠯ ᠥᠷᠨᠢᠭᠦᠯᠦᠭᠰᠡᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠪᠠ᠃ | | 8 ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠠᠤᠬᠠᠨ ᠬᠤᠰᠢᠭᠤᠨ ᠤ ᠬᠤᠷᠠᠯ ᠤᠨ ᠲᠥᠪ ᠲᠤ | ᠵᠡᠭᠦᠨ ᠪᠠᠷᠠᠭᠤᠨ ᠣᠷᠣᠨ ᠢ ᠰᠢᠨᠵᠢᠯᠡᠨ ᠪᠠᠶᠢᠴᠠᠭᠠᠵᠤ ᠵᠣᠯᠭᠠᠭᠤᠯᠬᠤ ᠶᠠᠷᠢᠯᠴᠠᠬᠤ ᠬᠤᠷᠠᠯ ᠬᠢᠪᠠ᠃ ᠬᠤᠷᠠᠯ ᠳᠡᠭᠡᠷ᠎ᠡ᠂ | ᠵᠢᠶ ᠬᠤᠤ ᠢᠦᠶ ᠡᠪᠯᠡᠯ ᠤᠨ ᠬᠤᠰᠢᠭᠤᠨ ᠤ ᠨᠠᠮ ᠤᠨ ᠬᠤᠷᠢᠶᠠᠨ ᠤ ᠣᠶᠢᠷ᠎ᠠ ᠶᠢᠨ ᠵᠢᠯ ᠤᠨ ᠬᠥᠭᠵᠢᠯᠲᠡ ᠶᠢᠨ | ᠶᠠᠪᠤᠴᠠ ᠪᠣᠯᠤᠨ ᠠᠮᠵᠢᠯᠲᠠ ᠶᠢ ᠬᠠᠷᠢᠭᠤ ᠮᠡᠳᠡᠭᠦᠯᠦᠭᠰᠡᠨ ᠪᠥᠭᠡᠳ ᠠᠤᠬᠠᠨ ᠬᠤᠰᠢᠭᠤᠨ ᠤ ᠬᠥᠭᠵᠢᠯᠲᠡ ᠶᠢᠨ | ᠪᠣᠳᠠᠲᠠᠶ ᠪᠠᠶᠢᠳᠠᠯ ᠢ ᠲᠠᠨᠢᠯᠴᠠᠭᠤᠯᠵᠤ᠂ ᠠᠤᠬᠠᠨ ᠬᠤᠰᠢᠭᠤᠨ ᠤ ᠠᠵᠤ ᠦᠢᠯᠡᠰ ᠤᠨ ᠬᠥᠭᠵᠢᠯᠲᠡ ᠶᠢᠨ ᠳᠤᠮᠳᠠᠬᠢ | ᠳᠠᠪᠠᠭᠤᠯᠢᠭ᠂ ᠡᠪᠡᠷᠰᠢᠶᠡᠯ ᠢ ᠪᠥᠬᠦ ᠲᠠᠯ᠎ᠠ ᠪᠠᠷ ᠲᠣᠳᠣᠷᠬᠠᠶᠢᠯᠠᠨ ᠥᠭᠦᠯᠡᠪᠡ᠃ ᠯᠢᠦ ᠶᠠ ᠢᠯᠡᠷᠬᠡᠶᠢᠯᠡᠬᠦ ᠳᠡᠭᠡᠨ᠂ | ᠬᠠᠶᠢᠳᠢᠶᠠᠨ ᠲᠣᠭᠤᠷᠢᠭ ᠤᠨ ᠣᠲᠣ ᠶᠢᠨ ᠪᠠᠶᠢᠭ᠎ᠠ ᠳᠠᠪᠠᠭᠤᠯᠢᠭ ᠲᠠᠢ ᠤᠶᠠᠯᠳᠤᠭᠤᠯᠤᠨ᠂ ᠠᠤᠬᠠᠨ ᠬᠤᠰᠢᠭᠤᠨ ᠤ | ᠵᠡᠭᠦᠨ ᠪᠠᠷᠠᠭᠤᠨ ᠣᠷᠤᠨ ᠯᠤᠭ᠎ᠠ ᠵᠣᠯᠭᠠᠭᠤᠯᠤᠨ ᠬᠠᠪᠰᠤᠷᠤᠨ ᠲᠡᠳᠬᠦᠬᠦ ᠬᠠᠮᠲᠤᠷᠠᠯᠴᠠᠭᠠᠨ ᠤ ᠬᠦᠷᠢᠶ᠎ᠡ ᠴᠠᠷᠠᠭ᠎ᠠ ᠶᠢ | ᠤᠯᠠᠮ ᠨᠢᠭᠡ ᠠᠯᠬᠤᠮ ᠥᠷᠭᠡᠳᠬᠡᠵᠦ᠂ ᠠᠤᠬᠠᠨ ᠬᠤᠰᠢᠭᠤᠨ ᠤ ᠬᠠᠮᠢᠶ᠎ᠠ ᠪᠥᠬᠦᠶ ᠠᠵᠤ ᠦᠢᠯᠡᠰ ᠤᠨ | ᠬᠥᠭᠵᠢᠯᠲᠡ ᠳᠤ ᠬᠦᠴᠦᠨ ᠨᠡᠮᠡᠷᠢᠯᠡᠬᠦ ᠬᠤᠷᠳᠤᠴᠠ ᠶᠢ ᠲᠦᠷᠭᠡᠳᠬᠡᠨ᠎ᠡ ᠭᠡᠪᠡ᠃ | ᠬᠤᠷᠠᠯ ᠳᠡᠭᠡᠷ᠎ᠡ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠠᠶᠢᠳᠢᠶᠠᠨ ᠲᠣᠭᠤᠷᠢᠭ ᠤᠨ ᠬᠤᠷᠢᠶ᠎ᠠ᠂ | ᠬᠠᠶᠢᠳᠢᠶᠠᠨ ᠲᠣᠭᠤᠷᠢᠭ ᠤᠨ ᠵᠠᠯᠠᠭᠤᠴᠤᠳ ᠤᠨ ᠬᠤᠯᠪᠣᠭᠠᠲᠤ ᠬᠤᠷᠠᠯ ᠠᠴᠠ ᠠᠤᠬᠠᠨ ᠬᠤᠰᠢᠭᠤᠨ ᠳᠤ 2000 | ᠵᠠᠬ᠎ᠠ ᠬᠤᠪᠴᠠᠰᠤ᠂ 2000 ᠳᠡᠪᠲᠡᠷ ᠨᠣᠮ ᠪᠢᠴᠢᠭ᠂ 300 ᠢᠵᠢ ᠪᠦᠷᠢᠨ ᠪᠢᠴᠢᠭ ᠤᠨ ᠬᠡᠷᠡᠭᠰᠡᠯ᠂ 300 | ᠨᠠᠭᠠᠳᠤᠮ ᠤᠨ ᠬᠡᠷᠡᠭᠰᠡᠯ᠂ ᠰᠠᠶᠢᠨ ᠳᠤᠷ᠎ᠠ ᠶᠢᠨ ᠦᠢᠯᠡᠴᠢᠯᠡᠭᠡᠨ ᠤ ᠤᠷᠮᠠᠰᠢᠭᠤᠯᠬᠤ ᠡᠳ᠋ ᠪᠣᠳᠠᠰ ᠢ 600 ᠢᠵᠢ | ᠬᠦᠷᠭᠡᠪᠡ᠃ ᠬᠠᠶᠢᠳᠢᠶᠠᠨ ᠲᠣᠭᠤᠷᠢᠭ ᠤᠨ ᠬᠠᠮᠢᠶ᠎ᠠ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠡᠯ ᠳ᠋ᠤᠤ | ᠶᠢᠩᠽᠢ ᠲᠣᠰᠬᠤᠨ ᠤ ᠠᠷᠠᠳ ᠤᠨ ᠵᠥᠪᠯᠡᠯ ᠤᠨ ᠬᠠᠷᠢᠭᠤᠴᠠᠯᠭᠠᠲᠠᠨ᠂ ᠳ᠋ᠠ ᠵᠢᠢ ᠾᠧᠩ ᠳ᠋ᠢ ᠲᠣᠰᠬᠤᠨ ᠤ | ᠠᠷᠠᠳ ᠤᠨ ᠵᠥᠪᠯᠡᠯ ᠤᠨ ᠬᠠᠷᠢᠭᠤᠴᠠᠯᠭᠠᠲᠠᠨ ᠲᠠᠢ ᠵᠣᠯᠭᠠᠭᠤᠯᠵᠤ ᠬᠠᠪᠰᠤᠷᠤᠨ ᠲᠡᠳᠬᠦᠬᠦ ᠭᠡᠷ᠎ᠡ ᠲᠣᠭᠲᠠᠬᠤ | ᠶᠣᠰᠣᠯᠠᠯ ᠶᠠᠪᠤᠭᠤᠯᠵᠠᠢ᠃ | | ᠲᠣᠰ ᠤᠳᠠᠭᠠᠨ ᠤ ᠵᠡᠭᠦᠨ ᠪᠠᠷᠠᠭᠤᠨ ᠣᠷᠣᠨ ᠢ ᠵᠣᠯᠭᠠᠭᠤᠯᠤᠨ ᠰᠢᠨᠵᠢᠯᠡᠨ ᠪᠠᠶᠢᠴᠠᠭᠠᠬᠤ ᠠᠵᠢᠯ ᠨᠢ ᠬᠤᠶᠠᠷ | ᠲᠠᠯ᠎ᠠ ᠶᠢᠨ ᠬᠠᠮᠲᠤᠷᠠᠯᠴᠠᠭᠠᠨ ᠤ ᠬᠠᠷᠢᠯᠴᠠᠭ᠎ᠠ ᠳᠤ ᠰᠢᠨ᠎ᠡ ᠬᠦᠷᠢᠶ᠎ᠡ ᠴᠠᠷᠠᠭ᠎ᠠ ᠶᠢ ᠥᠷᠭᠡᠳᠬᠡᠵᠦ᠂ ᠡᠪᠯᠡᠯ ᠤᠨ | ᠬᠤᠰᠢᠭᠤᠨ ᠤ ᠨᠠᠮ ᠤᠨ ᠬᠤᠷᠢᠶᠠᠨ ᠤ ᠠᠵᠢᠯ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠪᠠ ᠬᠥᠳᠡᠯᠭᠡᠬᠦ | ᠬᠦᠴᠦᠨ ᠨᠡᠮᠡᠷᠢᠯᠡᠪᠡ᠃ ᠳᠠᠷᠠᠭᠠᠴᠢ ᠶᠢᠨ ᠠᠯᠬᠤᠮ ᠤᠨ ᠠᠵᠢᠯ ᠤᠨ ᠳᠤᠮᠳᠠ᠂ ᠬᠤᠶᠠᠷ ᠲᠠᠯ᠎ᠠ ᠪᠠᠷ ᠢᠶᠠᠨ ᠬᠥᠭᠦᠷᠭᠡ | ᠬᠤᠯᠪᠣᠭᠠᠰᠤ ᠶᠢᠨ ᠦᠢᠯᠡᠳᠦᠯ ᠢᠶᠠᠨ ᠦᠨᠡᠨᠬᠦ ᠪᠠᠳᠠᠷᠠᠭᠤᠯᠵᠤ᠂ ᠡᠪ ᠬᠠᠮᠲᠤ ᠵᠠᠯᠠᠭᠤᠴᠤᠳ ᠤᠨ ᠡᠪᠯᠡᠯ ᠪᠣᠯᠣᠨ | ᠵᠠᠯᠠᠭᠤᠴᠤᠳ ᠤᠨ ᠬᠤᠭᠤᠷᠣᠨᠳᠣᠬᠢ ᠰᠠᠶᠢᠨ ᠰᠠᠶᠢᠬᠠᠨ ᠳᠠᠪᠠᠭᠤᠯᠢᠭ ᠢ ᠭᠦᠢᠴᠡᠳ ᠠᠰᠢᠭᠯᠠᠵᠤ᠂ ᠬᠠᠪᠰᠤᠷᠤᠨ | ᠲᠡᠳᠬᠦᠬᠦ ᠲᠠᠪᠴᠠᠩ ᠢ ᠪᠠᠶᠢᠭᠤᠯᠵᠤ᠂ ᠬᠠᠶᠢᠳᠢᠶᠠᠨ ᠲᠣᠭᠤᠷᠢᠭ ᠪᠣᠯᠣᠨ ᠠᠤᠬᠠᠨ ᠬᠤᠰᠢᠭᠤᠨ ᠤ ᠬᠤᠭᠤᠷᠣᠨᠳᠣᠬᠢ | ᠰᠣᠯᠢᠯᠴᠠᠭ᠎ᠠ ᠪᠣᠯᠣᠨ ᠣᠯᠣᠯᠴᠠᠭ᠎ᠠ ᠶᠢ ᠴᠢᠩᠭᠠᠳᠬᠠᠵᠤ᠂ ᠬᠠᠪᠰᠤᠷᠤᠨ ᠲᠡᠳᠬᠦᠬᠦ ᠲᠦᠷᠦᠯ ᠵᠦᠢᠯ ᠢ ᠪᠣᠳᠠᠲᠠᠢ ᠳᠤ | ᠨᠠᠶᠢᠳᠠᠪᠤᠷᠢᠵᠢᠭᠤᠯᠵᠤ᠂ ᠲᠦᠷᠦᠯ ᠵᠦᠢᠯ ᠢ ᠵᠣᠯᠭᠠᠭᠤᠯᠵᠤ᠂ ᠭᠠᠵᠠᠷ ᠪᠣᠯᠭᠠᠨ ᠳᠤ ᠨᠠᠶᠢᠳᠠᠪᠤᠷᠢᠵᠢᠭᠤᠯᠵᠤ᠂ ᠡᠭᠦᠨ ᠤ | ᠤᠯᠠᠮ ᠢᠶᠠᠷ ᠵᠡᠭᠦᠨ ᠪᠠᠷᠠᠭᠤᠨ ᠣᠷᠣᠨ ᠢ ᠵᠣᠯᠭᠠᠭᠤᠯᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ | ᠭᠡᠵᠡᠢ᠃ | | |