ᠲᠥᠪ ᠤᠨ ᠰᠢᠭᠤᠳ ᠬᠠᠷᠢᠶ᠎ᠠ ᠪᠠᠢᠭᠤᠯᠭ᠎ᠠ ᠶᠢᠨ ᠬᠢᠨ  ᠪᠠᠭᠰᠢ  ᠨᠠᠷ ᠢ  ᠲᠤᠰᠠᠯᠠᠨ ᠬᠠᠨᠲᠢᠪᠯᠠᠵᠤ ᠬᠥᠮᠦᠰ ᠤᠨ ᠰᠡᠳᠭᠢᠯ ᠢ ᠲᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2023/8/29
   8 ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨ᠎ᠠ᠂ ᠲᠦᠪ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ  ᠬᠢᠨ ᠰᠤᠷᠤᠭᠴᠢᠳ ᠤᠨ ᠨᠡᠶᠢᠲᠡ ᠶᠢᠨ ᠪᠠᠶᠢᠷᠢ ᠶᠢᠨ ᠣᠷᠣ ᠬᠠᠨᠳᠢᠪᠯᠠᠬᠤ ᠶᠣᠰᠣᠯᠠᠯ ᠰᠢᠨ  ᠾᠦᠢ ᠳᠤᠮᠳᠠᠳᠤ ᠰᠤᠷᠭᠠᠭᠤᠯᠢ ᠳᠤ ᠶᠠᠪᠤᠭᠳᠠᠪᠠ᠃ ᠥᠪᠥᠷ ᠮᠣᠩᠭᠤᠯ ᠤᠨ ᠲᠢᠩᠬᠢᠮ ᠪᠠ ᠤᠯᠠᠭᠠᠨᠬᠠᠳᠠ ᠶᠢᠨ ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠬᠠᠨᠳᠢᠪᠯᠠᠬᠤ ᠶᠣᠰᠣᠯᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠢ ᠪᠠᠶᠠᠷ ᠤᠨ ᠦᠭᠡ ᠬᠡᠯᠡᠵᠡᠶ᠃ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠪᠣᠯᠤᠨ ᠰᠤᠷᠤᠭᠴᠢᠳ ᠤᠨ ᠲᠥᠯᠥᠭᠡᠯᠡᠭᠴᠢ ᠡᠨᠡ ᠬᠦ ᠬᠠᠶᠢᠷ᠎ᠠ ᠬᠠᠯᠠᠮᠵᠢ ᠶᠢᠨ ᠴᠠᠭ ᠮᠥᠴᠡ ᠶᠢ ᠬᠠᠮᠲᠤ ᠪᠠᠷ ᠭᠡᠷᠡᠴᠢᠯᠡᠪᠡ᠃    ᠶᠣᠰᠣᠯᠠᠯ ᠳᠡᠭᠡᠷ᠎ᠡ᠂ ᠵᠠᠩ ᠢ ᠡᠯ᠎ᠡ ᠤᠳᠤᠷᠢᠳᠤᠯᠭ᠎ᠠ ᠶᠢᠨ ᠮᠣᠷᠢᠯᠠᠨ ᠰᠠᠭᠠᠲᠠᠭᠰᠠᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ ᠣᠯᠠᠨ ᠵᠢᠯ ᠤᠨ ᠲᠤᠷᠰᠢ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠡᠯ᠎ᠡ ᠤᠳᠤᠷᠢᠳᠤᠯᠭ᠎ᠠ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠵᠠᠩ ᠢ ᠵᠢᠭᠠᠵᠤ ᠭᠠᠷᠭᠠᠭᠰᠠᠨ ᠨᠢ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠲᠣᠰ ᠤᠳᠠᠭᠠᠨ ᠤ ᠬᠠᠨᠳᠢᠪᠯᠠᠨ ᠬᠦᠷᠭᠡᠬᠦ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠥᠪᠥᠷ ᠮᠣᠩᠭᠤᠯ ᠤᠨ ᠲᠢᠩᠬᠢᠮ ᠢ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠰᠤᠷᠤᠭᠴᠢᠳ ᠤᠨ ᠬᠤᠨᠣᠵᠤ ᠬᠡᠪᠲᠡᠬᠦ ᠨᠥᠬᠦᠴᠡᠯ ᠢ ᠡᠩ ᠲᠡᠷᠢᠭᠦᠨ ᠳᠤ ᠰᠠᠶᠢᠵᠢᠷᠠᠭᠤᠯᠬᠤ ᠳᠤ ᠬᠡᠷᠡᠭᠯᠡᠬᠦ ᠪᠠᠷ ᠲᠣᠭᠲᠠᠵᠠᠶ᠃ ᠡᠭᠦᠨ ᠤ ᠬᠠᠮᠲᠤ᠂ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠠᠴᠢ ᠬᠠᠷᠢᠭᠤᠯᠬᠤ ᠶᠢ ᠰᠤᠷᠤᠯᠴᠠᠭᠤᠯᠬᠤ ᠶᠢᠨ ᠬᠠᠮᠲᠤ ᠠᠴᠢ ᠡᠨᠡᠷᠢᠯ ᠳᠤ ᠲᠠᠯᠠᠷᠬᠠᠬᠤ ᠰᠡᠳᠬᠢᠯ ᠢᠶᠠᠨ ᠰᠤᠷᠤᠯᠴᠠᠵᠤ ᠦᠰᠦᠨ ᠪᠤᠶᠢᠵᠢᠬᠤ᠂ ᠨᠡᠶᠢᠭᠡᠮ ᠳᠤ ᠠᠴᠢ ᠬᠠᠷᠢᠭᠤᠯᠬᠤ ᠶᠢᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠤᠯᠤᠰ ᠲᠠᠭᠠᠨ ᠵᠢᠳᠬᠦᠬᠦ ᠵᠣᠷᠢᠭ ᠢ ᠨᠢ ᠪᠠᠲᠤᠳᠬᠠᠬᠤ ᠬᠡᠷᠡᠭᠲᠡᠶ  ᠭᠡᠪᠡ᠃
   ᠲᠥᠪ ᠤᠨ ᠰᠢᠭᠤᠳ ᠬᠠᠷᠢᠶ᠎ᠠ ᠪᠠᠢᠭᠤᠯᠭ᠎ᠠ ᠶᠢᠨ ᠤᠳᠤᠷᠢᠳᠤᠯᠭ᠎ᠠ  ᠠᠴᠠ ᠰᠢᠨ ᠾᠦᠢ ᠳᠤᠮᠳᠠᠳᠤ ᠰᠤᠷᠭᠠᠭᠤᠯᠢ ᠳᠤ ᠦᠭᠡ ᠢᠯᠡᠭᠡᠪᠡ᠂ ᠡᠯ᠎ᠡ ᠵᠦᠢᠯ ᠤᠨ ᠬᠦᠴᠢᠷ ᠪᠡᠷᠬᠡᠰᠢᠶᠡᠯ ᠢ ᠢᠳᠡᠪᠬᠢᠲᠡᠢ ᠢᠯᠠᠨ ᠳᠠᠪᠠᠵᠤ᠂ ᠦᠨᠡᠨ ᠰᠡᠳᠭᠢᠯ ᠠᠴᠠ ᠪᠠᠨ ᠪᠦᠯᠬᠦᠮᠳᠡᠨ᠂ ᠨᠠᠷᠢᠨ ᠨᠢᠮᠪᠠᠢ ᠬᠥᠮᠦᠨ ᠢ ᠬᠥᠮᠦᠵᠢᠭᠦᠯᠵᠦ᠂ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠦᠢᠯᠡᠰ ᠤᠨ ᠬᠥᠭᠵᠢᠯᠲᠡ ᠶᠢᠨ ᠠᠯᠬᠤᠴᠠ ᠶᠢ ᠲᠦᠷᠭᠡᠳᠭᠡᠵᠦ᠂ ᠨᠡᠢᠭᠡᠮ ᠤᠨ ᠡᠯ᠎ᠡ ᠡᠲᠡᠭᠡᠳ ᠤᠨ ᠬᠢᠨ ᠤ ᠬᠦᠴᠦᠲᠡᠢ ᠳᠡᠮᠵᠢᠯᠭᠡ ᠶᠢ ᠣᠯᠵᠤ᠂ ᠨᠠᠮ ᠪᠠ ᠤᠯᠤᠰ ᠲᠤ ᠨᠡᠩ ᠣᠯᠠᠨ᠂ ᠨᠡᠩ  ᠰᠢᠯᠢᠳᠡᠭ ᠪᠦᠲᠦᠭᠡᠨ ᠪᠠᠢᠭᠤᠯᠤᠯᠲᠠ ᠶᠢᠨ ᠴᠢᠳᠠᠪᠤᠷᠢᠲᠠᠨ ᠢ ᠬᠥᠮᠦᠵᠢᠭᠦᠯᠵᠦ ᠥᠭᠬᠦ ᠬᠡᠷᠡᠭᠲᠡᠢ᠃ ᠲᠥᠪ ᠤᠨ ᠰᠢᠭᠤᠳ ᠬᠠᠷᠢᠶ᠎ᠠ  ᠪᠠᠶᠢᠭᠤᠯᠭ᠎ᠠ ᠴᠤ ᠰᠢᠨ ᠾᠦᠢ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢᠶᠠᠨ  ᠣᠯᠠᠮ ᠰᠠᠶᠢᠵᠢᠷᠠᠭᠤᠯᠬᠤ ᠶᠢ ᠦᠷᠭᠦᠯᠵᠢᠯᠡᠨ ᠠᠩᠬᠠᠷᠤᠨ  ᠳᠡᠮᠵᠢᠨ᠎ᠡ ᠭᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号