ᠪᠠᠶᠢᠰᠡ ᠶᠢᠨ ᠬᠤᠷᠢᠶ᠎ᠠ ᠪᠠᠯᠭᠠᠰᠤ ᠣᠯᠠᠨ ᠠᠷᠭ᠎ᠠ ᠬᠡᠮᠵᠢᠶ᠎ᠡ ᠠᠪᠴᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠠᠬᠢᠭᠤᠯᠤᠨ ᠠᠷᠠᠳ ᠤᠨ ᠵᠣᠪᠠᠨᠢᠯ ᠢ ᠠᠷᠢᠯᠭᠠᠵᠤ᠂ ᠠᠷᠠᠳ ᠤᠨ ᠰᠡᠳᠬᠢᠯ ᠢ ᠲᠤᠯᠠᠭᠠᠴᠠᠭᠤᠯᠪᠠ
ᠨᠡᠶᠢᠲᠡᠯᠡᠭᠰᠡᠨ ᠴᠠᠭ᠄
2023/8/30
   ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠭᠡᠵᠦ ᠦᠭᠡᠢ᠂ ᠰᠠᠯᠠᠭ᠎ᠠ ᠨᠠᠮᠠᠭ᠎ᠠ ᠨᠢ ᠬᠠᠶᠢᠷ᠎ᠠ ᠰᠡᠳᠬᠢᠯᠭᠡ ᠲᠠᠢ ᠬᠤᠯᠪᠤᠭᠳᠠᠨ᠎ᠠ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠪᠣᠯ ᠨᠢᠭᠡ ᠵᠦᠢᠯ ᠤᠨ ᠴᠢᠬᠤᠯᠠ ᠶᠡᠭᠡ ᠠᠷᠠᠳ ᠤᠨ ᠠᠮᠢᠳᠤᠷᠠᠯ ᠤᠨ ᠠᠷᠭ᠎ᠠ ᠬᠡᠮᠵᠢᠶ᠎ᠡ ᠮᠥᠨ᠂ ᠣᠯᠠᠨ ᠲᠦᠮᠡᠨ ᠤ ᠠᠵᠢᠯ ᠢ ᠰᠠᠶᠢᠲᠤᠷ ᠬᠢᠬᠦ᠂ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠬᠦ᠂ ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠬᠦ ᠴᠢᠬᠤᠯᠠ ᠠᠷᠭ᠎ᠠ ᠪᠠᠷᠢᠯ ᠮᠥᠨ᠃ ᠪᠠᠶᠢᠰᠡ ᠶᠢᠨ ᠬᠤᠷᠢᠶ᠎ᠠ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ 12345 ᠬᠠᠯᠠᠮᠰᠢᠯ ᠤᠲᠠᠰᠤ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ︽ᠵᠢᠷᠭᠤᠭᠠᠨ ᠨᠣᠷᠮ᠎ᠠ︾ ᠶᠢ ᠳᠡᠭᠡᠭᠰᠢᠯᠡᠭᠦᠯᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠥᠨᠳᠥᠷ ᠪᠦᠲᠦᠮᠵᠢᠲᠡᠶ ᠂ ᠡᠮᠬᠢ ᠵᠢᠷᠤᠮ ᠲᠠᠢ᠂ ᠲᠦᠷᠭᠡᠨ ᠬᠠᠷᠢᠭᠤᠯᠲᠠ ᠥᠭᠬᠦ ᠶᠢ ᠪᠡᠶᠡᠯᠡᠭᠦᠯᠵᠦ᠂ ᠣᠯᠠᠨ ᠲᠦᠮᠡᠨ ᠤ ︽ᠪᠠᠴᠢᠮ ᠬᠦᠴᠢᠷ ᠵᠣᠪᠠᠨᠢᠯ ᠬᠦᠰᠡᠵᠦ︾ ᠪᠠᠶᠢᠭ᠎ᠠ ᠶᠠᠪᠤᠳᠠᠯ ᠢ ᠦᠨᠡᠨ ᠬᠦ ᠰᠢᠢᠳᠪᠦᠷᠢᠯᠡᠪᠡ᠃    ᠡᠩᠨᠡᠭᠡᠨ ᠤ ᠪᠠᠶᠢᠭᠤᠯᠤᠯᠲᠠ ᠶᠢ ᠪᠣᠳᠠᠲᠠᠶᠢᠵᠢᠭᠤᠯᠪᠠ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤᠨ ᠤ ᠲᠤᠰᠬᠠᠶ ᠠᠵᠢᠯ ᠤᠨ ᠡᠩᠨᠡᠭᠡ ᠶᠢ ᠵᠣᠬᠢᠶᠠᠨ ᠪᠠᠶᠢᠭᠤᠯᠵᠤ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠠᠴᠠ ᠲᠤᠬᠠᠶᠢᠯᠠᠭᠰᠠᠨ ᠠᠵᠢᠯ ᠢ ᠠᠳᠬᠤᠬᠤ᠂ ᠬᠤᠪᠢᠳᠠᠨ ᠬᠠᠮᠢᠶᠠᠷᠴᠤ ᠪᠥᠬᠦᠶ ᠬᠠᠷᠢᠭᠤᠴᠠᠯᠭᠠᠲᠠᠨ ᠭᠦᠢᠴᠡᠳᠬᠡᠬᠦ ᠶᠢ ᠠᠳᠬᠤᠬᠤ᠂ ᠲᠤᠰᠬᠠᠶ ᠲᠤᠰᠢᠶᠠᠯᠲᠤ ᠠᠵᠢᠯᠲᠠᠨ ᠴᠤᠪᠤᠷᠠᠯ ᠢ ᠠᠳᠬᠤᠬᠤ ᠠᠵᠢᠯ ᠤᠨ ᠲᠣᠭᠲᠠᠴᠠ ᠶᠢ  ᠪᠠᠶᠢᠭᠤᠯᠪᠠ᠃ ᠡᠭᠦᠨ ᠤ ᠬᠠᠮᠲᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠲᠤᠰᠢᠶᠠᠯ ᠦᠭᠡᠢ ᠨᠠᠮ ᠤᠨ ᠭᠡᠰᠢᠭᠦᠨ᠂ ᠲᠣᠰᠬᠤᠨ ᠢ ᠳᠠᠭᠠᠭᠠᠴᠢᠯᠠᠭᠰᠠᠨ ᠠᠵᠢᠯᠯᠠᠬᠤ ᠠᠩᠬᠢ ᠬᠠᠷᠢᠯᠴᠠᠨ ᠵᠣᠬᠢᠴᠠᠭᠤᠯᠤᠨ ᠬᠠᠮᠵᠢᠯᠴᠠᠬᠤ ᠠᠵᠢᠯ ᠤᠨ ᠠᠷᠭ᠎ᠠ ᠬᠡᠯᠪᠡᠷᠢ ᠶᠢ ᠰᠢᠨ᠎ᠡ ᠪᠠᠷ ᠡᠭᠦᠳᠴᠦ᠂ ᠠᠵᠢᠯᠳᠠᠨ ᠤ ᠡᠩᠨᠡᠭᠡ ᠶᠢ ᠲᠠᠰᠤᠷᠠᠯᠳᠠ ᠦᠭᠡᠢ ᠪᠤᠵᠠᠭᠠᠶᠢᠷᠠᠭᠤᠯᠪᠠ᠃    ᠬᠠᠷᠢᠭᠤᠴᠠᠯᠭ᠎ᠠ ᠶᠢ  ᠨᠠᠶᠢᠳᠠᠪᠤᠷᠢᠵᠢᠭᠤᠯᠤᠨ ᠪᠣᠳᠠᠲᠠᠶᠢᠵᠢᠭᠤᠯᠪᠠ᠃ ᠡᠷᠭᠢᠯᠲᠡ ᠶᠢᠨ ᠬᠠᠭᠤᠳᠠᠰᠤ ᠶᠢ ᠴᠠᠭ ᠲᠤᠬᠠᠶ ᠳᠤᠨᠢ ᠳᠡᠩᠰᠡᠯᠡᠨ ᠲᠡᠮᠳᠡᠭᠯᠡᠵᠦ᠂ ᠪᠠᠯᠭᠠᠰᠤᠨ ᠤ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠠᠰᠠᠭᠤᠵᠤ᠂ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠤᠨ᠂ ᠨᠢᠭᠡᠳᠦᠭᠡᠷ ᠬᠠᠷᠢᠭᠤᠴᠠᠯᠭᠠᠲᠤ ᠰᠠᠯᠠᠭ᠎ᠠ ᠮᠥᠴᠢᠷ᠂ ᠨᠢᠭᠡᠳᠦᠭᠡᠷ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠶᠠᠪᠤᠳᠠᠯ ᠪᠣᠯᠭᠠᠨ ᠳᠤ ᠬᠠᠷᠢᠭᠤᠯᠲᠠ ᠥᠭᠬᠦ ᠶᠢ ᠦᠨᠡᠨ ᠬᠦ ᠪᠠᠲᠤᠯᠠᠪᠠ᠃ ᠡᠭᠦᠨ ᠠᠴᠠ ᠭᠠᠳᠠᠨ᠎ᠠ᠂ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ᠰᠠᠬᠢᠯᠭ᠎ᠠ ᠪᠠᠲᠤ ᠪᠠᠶᠢᠴᠠᠭᠠᠬᠤ ᠠᠵᠢᠯ ᠲᠠᠢ ᠤᠶᠠᠯᠳᠤᠭᠤᠯᠤᠨ ᠪᠣᠯᠵᠣᠨ ᠶᠠᠷᠢᠯᠴᠠᠵᠤ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠠᠪᠴᠤ᠂ 12345 ᠬᠠᠯᠠᠮᠰᠢᠯ ᠤᠲᠠᠰᠤ ᠶᠢᠨ ᠠᠵᠢᠯ ᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠷ ᠥᠷᠨᠢᠭᠦᠯᠬᠦ ᠶᠢ ᠦᠨᠡᠨ ᠬᠦ ᠪᠠᠲᠤᠯᠠᠪᠠ᠃    ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠶᠢ ᠪᠣᠳᠠᠲᠠᠶᠢᠵᠢᠭᠤᠯᠪᠠ᠃ ᠡᠯ᠎ᠡ ᠬᠠᠷᠢᠭᠤᠴᠠᠯᠭᠠᠲᠠᠨ᠂ ᠡᠯ᠎ᠡ ᠲᠣᠰᠬᠤᠨ ᠵᠢᠴᠢ ᠡᠯ᠎ᠡ ᠥᠷᠲᠡᠭᠡ ᠶᠢᠨ ᠬᠦᠢᠴᠡᠳᠭᠡᠭᠰᠡᠨ ᠬᠠᠭᠤᠳᠠᠰᠤ ᠶᠢ ᠲᠡᠷᠡ ᠳᠠᠷᠤᠶ ᠳᠤᠨᠢ ᠳᠠᠭᠠᠵᠤ᠂ ᠲᠡᠷᠡ ᠳᠠᠷᠤᠶ ᠳᠤᠨᠢ ᠬᠦᠢᠴᠡᠳᠬᠡᠵᠦ᠂ ᠲᠠᠪᠴᠠᠩ ᠲᠣᠮᠢᠯᠠᠨ ᠠᠵᠢᠯ ᠤᠨ ᠬᠠᠭᠤᠳᠠᠰᠤ ᠲᠠᠷᠬᠠᠭᠠᠭᠰᠠᠨ ᠤ ᠳᠠᠷᠠᠭ᠎ᠠ᠂ ᠭᠤᠮᠣᠳᠠᠯ ᠲᠣᠭᠠᠴᠢᠭᠴᠢ ᠲᠠᠢ ᠴᠠᠭ ᠲᠤᠬᠠᠶ ᠳᠤᠨᠢ ᠨᠡᠪᠲᠡᠷᠡᠯᠴᠡᠨ ᠬᠠᠷᠢᠯᠴᠠᠵᠤ᠂ ᠭᠤᠮᠣᠳᠠᠯ ᠱᠠᠭᠠᠷᠳᠠᠯᠭ᠎ᠠ ᠶᠢ ᠨᠠᠷᠢᠨ ᠣᠶᠢᠯᠠᠭᠠᠬᠤ ᠶᠢᠨ ᠬᠠᠮᠲᠤ ᠰᠠᠶᠢᠲᠤᠷ ᠲᠡᠮᠳᠡᠭᠯᠡᠵᠦ᠂ ᠲᠡᠷᠡ ᠳᠠᠷᠤᠶ ᠳᠤᠨᠢ ᠵᠣᠬᠢᠴᠠᠩᠭᠤᠶ ᠰᠠᠯᠠᠭ᠎ᠠ ᠮᠥᠴᠢᠷ ᠲᠤ ᠰᠢᠯᠵᠢᠭᠦᠯᠦᠨ ᠥᠭᠴᠦ ᠰᠢᠢᠳᠪᠦᠷᠢᠯᠡᠬᠦ ᠶᠢᠨ ᠬᠠᠮᠲᠤ ᠲᠥᠷᠥ ᠶᠢᠨ ᠪᠣᠳᠣᠯᠭ᠎ᠠ ᠶᠢᠨ ᠲᠠᠶᠢᠯᠪᠤᠷᠢᠯᠠᠯᠲᠠ ᠶᠢ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃    ᠲᠣᠭᠲᠠᠴᠠ ᠶᠢᠨ ᠪᠠᠶᠢᠭᠤᠯᠤᠯᠲᠠ ᠶᠢ  ᠪᠣᠳᠠᠲᠠᠶᠢᠵᠢᠭᠤᠯᠪᠠ᠃ ᠠᠵᠢᠯ ᠤᠨ ᠶᠠᠪᠤᠴᠠ ᠳᠤ ︽ᠵᠢᠷᠭᠤᠭᠠᠨ ᠨᠣᠷᠮ᠎ᠠ︾ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠠᠵᠢᠯ ᠤᠨ ᠬᠠᠭᠤᠳᠠᠰᠤ ᠶᠢ ᠡᠷᠭᠢᠯᠳᠦᠭᠦᠯᠬᠦ᠂ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ᠂ ᠬᠡᠷᠡᠭ ᠤᠨ ᠳᠠᠷᠠᠭ᠎ᠠ ᠬᠠᠷᠢᠭᠤ ᠰᠤᠷᠪᠤᠯᠵᠢᠯᠠᠬᠤ ᠵᠡᠷᠭᠡ ᠳᠦᠷᠢᠮ ᠢ ᠴᠢᠩᠭ᠎ᠠ  ᠨᠠᠶᠢᠳᠠᠪᠤᠷᠢᠵᠢᠭᠤᠯᠪᠠ᠃ ᠡᠭᠦᠨ ᠤ ᠬᠠᠮᠲᠤ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤᠨ ᠤ ᠮᠡᠳᠡᠯᠭᠡ ᠶᠢᠨ ᠬᠥᠮᠥᠷᠭᠡ ᠶᠢ ᠲᠠᠰᠤᠷᠠᠯᠲᠠ ᠥᠬᠡᠶ ᠪᠦᠷᠢᠨᠰᠢᠬᠦᠯᠵᠦ᠂ ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠵᠡᠷᠭᠡ ᠮᠡᠳᠡᠭᠡ ᠵᠠᠩᠭᠢ ᠶᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠮᠡᠳᠡᠯᠭᠡ ᠶᠢᠨ ᠬᠥᠮᠥᠷᠭᠡ ᠶᠢᠨ ᠮᠡᠳᠡᠭᠡ ᠵᠠᠩᠭᠢ ᠶᠢ ᠰᠢᠭᠤᠳ ᠰᠢᠯᠵᠢᠭᠦᠯᠦᠨ ᠠᠪᠴᠤ ᠬᠠᠷᠢᠭᠤᠯᠲᠠ ᠥᠭᠴᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃    ᠡᠨᠡ ᠵᠢᠯ ᠠᠴᠠ ᠨᠠᠰᠢ᠂ ᠪᠥᠬᠦ ᠪᠠᠯᠭᠠᠰᠤ 12345 ᠲᠠᠪᠴᠠᠩ ᠤᠨ ᠡᠯ᠎ᠡ ᠲᠥᠷᠥᠯ ᠤᠨ ᠬᠦᠰᠡᠯ ᠱᠠᠭᠠᠷᠳᠠᠯᠭ᠎ᠠ ᠶᠢ ᠨᠡᠶᠢᠲᠡ 150 ᠭᠠᠷᠤᠶ ᠬᠤᠪᠢ ᠭᠥᠯᠢᠶᠡᠨ ᠠᠪᠴᠤ  ᠰᠢᠢᠳᠪᠦᠷᠢᠯᠡᠵᠦ᠂ ᠴᠠᠭ ᠲᠤᠬᠠᠶ ᠳᠤᠨᠢ  ᠰᠢᠢᠳᠪᠦᠷᠢᠯᠡᠵᠦ ᠳᠠᠭᠤᠰᠬᠠᠭᠰᠠᠨ ᠨᠣᠷᠮ᠎ᠠ᠂ ᠬᠠᠷᠢᠭᠤᠯᠲᠠ ᠥᠭᠭᠦᠭᠰᠡᠨ ᠨᠣᠷᠮ᠎ᠠ ᠪᠠ ᠬᠠᠷᠢᠭᠤ ᠰᠤᠷᠪᠤᠯᠵᠢᠯᠠᠭᠰᠠᠨ ᠨᠣᠷᠮ᠎ᠠ ᠵᠡᠷᠭᠡ ᠨᠢ ᠴᠥᠮ 95% ᠠᠴᠠ ᠳᠡᠭᠡᠭᠰᠢ ᠳᠤ ᠬᠦᠷᠴᠡᠶ᠃ ᠲᠠᠷᠠᠭᠠᠴᠢ ᠶᠢᠨ ᠠᠯᠬᠤᠮ ᠳᠤ᠂ ᠪᠠᠶᠢᠰᠡ ᠶᠢᠨ ᠬᠤᠷᠢᠶ᠎ᠠ ᠪᠠᠯᠭᠠᠰᠤ ᠦᠢᠯᠡᠴᠢᠯᠡᠭᠡᠨ ᠤ ᠦᠷ᠎ᠡ ᠪᠦᠲᠦᠮᠵᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠷᠠᠳ ᠤᠨ ᠵᠣᠪᠠᠨᠢᠯ ᠢ ᠰᠢᠢᠳᠪᠦᠷᠢᠯᠡᠬᠦ᠂ ᠠᠷᠠᠳ ᠤᠨ ᠬᠦᠴᠢᠷᠳᠡᠯ ᠢ ᠰᠢᠢᠳᠪᠦᠷᠢᠯᠡᠬᠦ ᠰᠠᠶᠢᠨ ᠶᠠᠪᠤᠳᠠᠯ ᠪᠣᠳᠠᠲᠤ ᠶᠠᠪᠤᠳᠠᠯ ᠢ ᠰᠠᠶᠢᠲᠤᠷ ᠬᠢᠵᠦ᠂ ᠠᠰᠠᠭᠤᠳᠠᠯ ᠢ ᠦᠨᠡᠨ ᠬᠦ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠷ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠬᠠᠨᠤᠮᠵᠢ ᠶᠢᠨ ᠨᠣᠷᠮ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号