ᠭᠦᠸᠧ ᠢᠦᠢ ᠯᠢᠩ ᠴᠠᠩ ᠱᠧᠩ ᠪᠠᠯᠭᠠᠰᠤᠨ ᠳᠤ ᠪᠠᠶᠢᠴᠠᠭᠠᠨ ᠰᠤᠳᠤᠯᠤᠯᠲᠠ ᠬᠢᠵᠦ ᠠᠵᠢᠯ ᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/8/30
     8 ᠰᠠᠷ᠎ᠠ ᠶᠢᠨ 29 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠭᠦᠸᠧ ᠢᠦᠶ ᠯᠢᠩ ᠴᠠᠩ ᠱᠧᠩ ᠪᠠᠯᠭᠠᠰᠤᠨ ᠳᠤ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ᠂ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠪᠠᠯᠭᠠᠰᠤᠨ ᠤ ᠨᠠᠮ ᠵᠠᠰᠠᠭ ᠤᠨ ᠭᠤᠤᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠪᠠᠷ᠎ᠠ  ᠪᠣᠯᠵᠤ ᠪᠠᠶᠢᠴᠠᠭᠠᠪᠠ᠃    ᠭᠦᠸᠧ ᠢᠦᠢ ᠯᠢᠩ ᠨᠡᠷ  ᠱᠠ ᠮᠥᠸᠧ ᡁᠢ ᠬᠤᠸᠠ ᠴᠢᠴᠠᠷᠭᠠᠨ᠎ᠠ ᠶᠢᠨ ᠠᠵᠤ ᠦᠢᠯᠡᠰ ᠤᠨ ᠬᠦᠷᠢᠶᠡᠯᠡᠩ᠂ ᠯᠢᠦ ᠴᠢᠩ ᠳ᠋ᠢ ᠲᠣᠰᠬᠤᠨ᠂ ᠴᠢ ᠵᠢᠶᠠ  ᠸᠧ  ᠫᠦ᠋ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ᠂ ᠴᠠᠩ ᠱᠧᠩ ᠲᠣᠰᠬᠤᠨ ᠤ ᠲᠦᠬᠦᠭᠡᠷᠦᠮᠵᠢᠳᠤ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠮᠠ ᠵᠢᠶᠠ ᠽᠢ ᠲᠣᠰᠬᠤᠨ ᠤ ᠴᠢᠴᠠᠷᠭᠠᠨ᠎ᠠ ᠶᠢᠨ ᠠᠵᠤ ᠦᠢᠯᠡᠰ ᠤᠨ ᠲᠠᠷᠢᠮᠠᠯ ᠤᠨ ᠰᠠᠭᠤᠷᠢᠨ ᠢ ᠪᠠᠶᠢᠴᠠᠭᠠᠨ ᠦᠵᠡᠵᠦ᠂ ᠤᠶᠤᠨ ᠤ ᠪᠣᠯᠪᠠᠰᠤᠨ ᠤ ᠪᠠᠶᠢᠭᠤᠯᠤᠯᠲᠠ᠂ ᠰᠠᠶᠢᠨ ᠳᠤᠷ᠎ᠠ ᠶᠢᠨ ᠦᠢᠯᠡᠴᠢᠯᠡᠭᠡ᠂ ᠠᠮᠢ ᠠᠬᠤᠢ ᠶᠢᠨ ᠪᠦᠳᠦᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠳᠤ ᠵᠢᠯᠤᠭᠤᠳᠤᠯᠭ᠎ᠠ ᠶᠢᠨ ᠴᠢᠨᠠᠷᠲᠠᠢ ᠰᠠᠨᠠᠯ ᠳᠤᠷᠠᠳᠴᠠᠢ᠃    ᠭᠦᠸᠧ ᠢᠦᠢ ᠯᠢᠩ᠂ ᠨᠢᠭᠡ ᠳᠤ᠂ ᠰᠡᠳᠬᠢᠯ ᠢᠶᠠᠨ ᠨᠢᠭᠡᠳᠬᠡᠵᠦ ᠬᠦᠴᠦ ᠪᠠᠨ ᠬᠠᠮᠲᠤᠳᠬᠠᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠵᠦ᠂ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠴᠢᠴᠠᠷᠭᠠᠨ᠎ᠠ ᠶᠢᠨ ᠠᠵᠤ ᠦᠢᠯᠡᠰ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠵᠦ᠂ ᠠᠮᠢ ᠠᠬᠤᠢ ᠶᠢᠨ ᠠᠵᠤ ᠦᠢᠯᠡᠰᠵᠢᠯᠲᠡ᠂ ᠠᠵᠤ ᠦᠢᠯᠡᠰ ᠤᠨ ᠠᠮᠢ ᠠᠬᠤᠶᠢᠴᠢᠯᠠᠯᠲᠠ᠂ ᠠᠮᠢ ᠠᠬᠤᠢ ᠶᠢ ᠬᠠᠮᠠᠭᠠᠯᠠᠬᠤ ᠪᠠ ᠬᠥᠭᠵᠢᠯᠲᠡ ᠶᠢ ᠠᠬᠢᠭᠤᠯᠬᠤ ᠰᠠᠶᠢᠨ ᠣᠷᠴᠢᠯ ᠢ ᠪᠡᠶᠡᠯᠡᠭᠦᠯᠵᠦ᠂ ᠪᠣᠬᠢᠷᠲᠤᠯ ᠦᠭᠡᠢ ᠠᠮᠢ ᠠᠬᠤᠢ ᠶᠢᠨ ᠬᠠᠯᠬᠠᠪᠴᠢ ᠶᠢ ᠡᠷᠡᠰ ᠪᠠᠬᠢᠵᠢᠭᠦᠯᠬᠦ ᠬᠡᠷᠡᠭᠲᠡᠢ︔ ᠬᠤᠶᠠᠷ ᠲᠤ᠂ ᠵᠠᠩ ᠳᠠᠳᠬᠠᠯ ᠢ  ᠰᠠᠶᠢᠵᠢᠷᠠᠭᠤᠯᠬᠤ ᠠᠵᠢᠯ ᠢ ᠠᠬᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠠᠵᠢᠯ ᠤᠨ ᠬᠦᠴᠦᠯᠡᠬᠦ ᠴᠡᠭ᠂ ᠭᠠᠷᠳᠠᠬᠤ ᠴᠡᠭ ᠢ ᠣᠨᠣᠪᠴᠢᠲᠠᠢ ᠣᠯᠵᠤ᠂ ᠪᠣᠯᠪᠠᠰᠤᠨ ᠨᠤᠲᠤᠭ ᠤᠨ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠲᠠᠯ᠂ ᠡᠭᠡᠯ ᠪᠣᠷᠣᠭᠵᠢᠭᠤᠨ ᠠᠷᠠᠳ ᠤᠨ ᠰᠤᠷᠲᠠᠯ ᠢ ᠬᠦᠴᠦᠯᠡᠨ  ᠬᠦᠮᠦᠵᠢᠭᠦᠯᠬᠦ ᠬᠡᠷᠡᠭᠲᠡᠢ︔ ᠭᠤᠷᠪᠠ ᠳᠤ᠂ ᠤᠯᠠᠨ ᠲᠦᠮᠡᠨ ᠤ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠰᠠᠶᠢᠨ ᠳᠤᠷ᠎ᠠ ᠶᠢᠨ ᠦᠢᠯᠡᠴᠢᠯᠡᠭᠡ ᠪᠠᠷ ᠭᠠᠷᠳᠠᠴᠠ ᠪᠣᠯᠭᠠᠵᠤ᠂ ᠡᠬᠢ ᠪᠠᠶᠠᠯᠢᠭ ᠢ ᠨᠢᠭᠡᠳᠭᠡᠬᠦ ᠪᠠᠷ ᠭᠤᠣᠯᠳᠠᠯᠭ᠎ᠠ ᠪᠣᠯᠭᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠢ ᠵᠢᠷᠤᠮᠵᠢᠭᠤᠯᠤᠨ ᠲᠣᠭᠲᠠᠭᠠᠵᠤ᠂ ᠤᠯᠠᠨ ᠬᠡᠯᠪᠡᠷᠢ ᠶᠢᠨ ᠪᠣᠯᠪᠠᠰᠤᠨ ᠦᠢᠯᠡᠳᠦᠯᠭᠡ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠤᠯᠠᠨ ᠲᠦᠮᠡᠨ ᠳᠤ ᠤᠬᠠᠭᠤᠯᠬᠤ᠂ ᠤᠯᠠᠨ ᠲᠦᠮᠡᠨ ᠢ ᠬᠥᠮᠦᠵᠢᠭᠦᠯᠬᠦ᠂ ᠤᠯᠠᠨ ᠲᠦᠮᠡᠨ ᠢ ᠬᠠᠯᠠᠮᠵᠢᠯᠠᠬᠤ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠬᠦ ᠬᠡᠷᠡᠭᠲᠡᠶ  ᠭᠡᠵᠦ ᠴᠢᠬᠤᠯᠠᠴᠢᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号