| ᠬᠠᠷᠢᠶᠠᠲᠤ ᠣᠷᠣᠨ ᠤ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠢᠴᠢ ᠡᠷᠬᠢᠨ ᠲᠣᠭᠤᠷᠢᠨ ᠤ | ᠬᠤᠳᠠᠯᠳᠤᠭᠠᠨ ᠤ ᠡᠷᠦᠬᠡ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠪᠠ ᠭᠠᠯ ᠤᠨ ᠭᠠᠮᠰᠢᠭ ᠤᠨ | ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 8 | ᠰᠠᠷ᠎ᠠ ᠶᠢᠨ 28 ᠤ ᠡᠳᠦᠷ᠂ ᠶᠡᠭᠡ ᠠᠩᠭᠢ ᠶᠢᠨ ᠬᠢᠨ ᠰᠢᠨ ᠨᠠᠨ ᠵᠠᠬ᠎ᠠ ᠳᠡᠯᠭᠡᠭᠦᠷ ᠲᠤ ᠭᠦᠨᠵᠡᠭᠡᠶᠢᠷᠡᠨ ᠭᠠᠯ | ᠤᠨᠲᠠᠷᠠᠭᠠᠬᠤ ᠤᠬᠠᠭᠤᠯᠭ᠎ᠠ ᠶᠢᠨ ᠶᠡᠭᠡ ᠪᠣᠯᠪᠠᠰᠤᠷᠠᠭᠤᠯᠤᠯ ᠤᠨ ᠠᠵᠢᠯ ᠢ ᠥᠷᠨᠢᠭᠦᠯᠪᠡ᠃ | ᠶᠡᠭᠡ ᠠᠩᠬᠢ ᠶᠢᠨ ᠬᠢᠨ ᠤᠬᠠᠭᠤᠯᠬᠤ ᠠᠵᠢᠯᠲᠠᠳ ᠵᠠᠬ᠎ᠠ ᠳᠡᠯᠭᠡᠭᠦᠷ ᠤᠨ ᠣᠨᠴᠠᠯᠢᠭ ᠪᠣᠯᠤᠨ ᠣᠶᠢᠷ᠎ᠠ ᠶᠢᠨ | ᠬᠤᠭᠤᠴᠠᠭᠠᠨ ᠤ ᠭᠠᠯ ᠤᠨ ᠭᠠᠮᠰᠢᠭ ᠤᠨ ᠨᠡᠶᠢᠲᠡᠯᠢᠭ ᠬᠡᠷᠡᠭ ᠲᠠᠢ ᠤᠶᠠᠯᠳᠤᠭᠤᠯᠤᠨ᠂ ᠵᠠᠬ᠎ᠠ ᠳᠡᠯᠭᠡᠭᠦᠷ ᠤᠨ | ᠠᠵᠢᠯᠲᠠᠨ ᠵᠢᠴᠢ ᠡᠷᠭᠢᠨ ᠲᠣᠭᠤᠷᠢᠨ ᠤ ᠬᠤᠳᠠᠯᠳᠤᠭᠠᠨ ᠤ ᠳᠡᠯᠭᠡᠭᠦᠷ ᠤᠨ ᠡᠵᠡᠨ ᠳᠤ ᠭᠠᠯ ᠤᠨ ᠭᠠᠮᠰᠢᠭ ᠤᠨ ᠳᠠᠯᠳᠠ | ᠬᠡᠮ ᠢ ᠬᠡᠷᠬᠢᠨ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠬᠤ᠂ ᠭᠠᠯ ᠤᠨ ᠭᠠᠮᠰᠢᠭ ᠢ ᠬᠡᠷᠬᠢᠨ ᠤᠨᠲᠠᠷᠠᠭᠠᠬᠤ | ᠂ ᠡᠳᠦᠷ ᠲᠤᠲᠤᠮ ᠤᠨ ᠠᠵᠢᠯ ᠠᠮᠢᠳᠤᠷᠠᠯ ᠤᠨ ᠳᠤᠮᠳᠠᠬᠢ ᠭᠠᠯ᠂ ᠴᠠᠬᠢᠯᠭᠠᠨ᠂ ᠰᠢᠲᠠᠮᠠᠬᠠᠶ ᠬᠡᠶ ᠶᠢᠨ ᠠᠮᠤᠷ | ᠲᠦᠪᠰᠢᠨ ᠢ ᠠᠩᠬᠠᠷᠬᠤ ᠲᠤᠬᠠᠶ ᠨᠠᠷᠢᠨ ᠲᠠᠶᠢᠯᠪᠤᠷᠢᠯᠠᠵᠤ ᠥᠭᠪᠡ᠃ ᠭᠠᠯ ᠤᠨ ᠠᠶᠤᠯ ᠭᠠᠷᠤᠭᠰᠠᠨ ᠤ ᠲᠠᠷᠠᠭ᠎ᠠ | ᠬᠡᠷᠬᠢᠨ ᠲᠠᠷᠬᠠᠭᠠᠨ ᠵᠠᠶᠢᠯᠠᠭᠤᠯᠬᠤ᠂ ᠨᠢᠭᠡᠴᠢ ᠶᠢᠨ ᠪᠠᠶᠢᠳᠠᠯ ᠳᠤ ᠴᠢᠭᠯᠡᠭᠦᠯᠦᠨ ᠭᠠᠯ ᠤᠨᠲᠠᠷᠠᠭᠠᠬᠤ ᠪᠡᠯᠡᠳᠬᠡᠯ | ᠲᠥᠰᠦᠯ ᠢ ᠬᠡᠷᠬᠢᠨ ᠲᠣᠭᠲᠠᠭᠠᠬᠤ᠂ ᠠᠵᠢᠯᠲᠠᠳ ᠢ ᠬᠡᠷᠬᠢᠨ ᠵᠣᠬᠢᠶᠠᠨ ᠪᠠᠶᠢᠭᠤᠯᠵᠤ ᠭᠠᠯ ᠤᠨᠲᠠᠷᠠᠭᠠᠬᠤ ᠰᠣᠷᠢᠯᠲᠠ | ᠵᠢᠴᠢ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠡᠭᠯᠡᠬᠦ ᠠᠷᠭ᠎ᠠ ᠵᠡᠷᠭᠡ ᠭᠠᠯ ᠤᠨᠲᠠᠷᠠᠭᠠᠬᠤ ᠠᠶᠤᠯᠭᠦᠶ ᠶᠢᠨ | ᠮᠡᠳᠡᠯᠭᠡ ᠶᠢ ᠥᠷᠨᠢᠭᠦᠯᠵᠦ᠂ ᠪᠣᠯᠪᠠᠰᠤᠷᠠᠯ ᠳᠤ ᠣᠷᠣᠯᠴᠠᠭᠰᠠᠨ ᠪᠦᠭᠦ ᠬᠥᠮᠦᠰ ᠲᠤ ᠭᠠᠯ ᠤᠨ ᠠᠶᠤᠯ ᠢ ᠤᠷᠢᠳᠴᠢᠯᠠᠨ | ᠰᠡᠷᠭᠡᠶᠢᠯᠡᠬᠦ ᠠᠵᠢᠯ ᠪᠠ ᠭᠠᠯ ᠤᠨᠲᠠᠷᠠᠭᠠᠬᠤ ᠤᠬᠠᠭᠤᠯᠭ᠎ᠠ ᠬᠥᠮᠦᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ | ᠪᠦᠭᠦ ᠲᠠᠯ᠎ᠠ ᠪᠠᠷ ᠰᠢᠭᠤᠳ ᠣᠶᠢᠯᠠᠭᠠᠭᠤᠯᠤᠭᠰᠠᠨ ᠪᠠᠶᠢᠨ᠎ᠠ᠃ ᠡᠭᠦᠨ ᠤ ᠬᠠᠮᠲᠤ ᠵᠠᠬ᠎ᠠ ᠳᠡᠯᠭᠡᠭᠦᠷ ᠢ ᠭᠠᠯ | ᠤᠨᠲᠠᠷᠠᠭᠠᠬᠤ ᠠᠮᠤᠷ ᠲᠦᠪᠰᠢᠨ ᠤ ︽ᠳᠥᠷᠪᠡᠨ ᠴᠢᠳᠠᠪᠤᠷᠢ︾ ᠶᠢᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠵᠦ᠂ | ᠥᠪᠡᠷ ᠤᠨ ᠪᠡᠶ᠎ᠡ ᠪᠠᠨ ᠥᠪᠡᠰᠦᠪᠡᠨ ᠪᠠᠶᠢᠴᠠᠭᠠᠵᠤ ᠥᠪᠡᠰᠦᠪᠡᠨ ᠥᠭᠡᠷᠡᠴᠢᠯᠡᠵᠦ ᠥᠪᠡᠰᠦᠪᠡᠨ ᠵᠠᠯᠠᠷᠠᠭᠤᠯᠬᠤ ᠪᠠ | ᠲᠠᠷᠬᠠᠭᠠᠨ ᠵᠠᠶᠢᠯᠠᠭᠤᠯᠵᠤ ᠠᠮᠢ ᠵᠢᠭᠤᠲᠠᠬᠤ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠵᠦ᠂ ᠭᠠᠯ ᠤᠨᠲᠠᠷᠠᠭᠠᠬᠤ ᠠᠮᠤᠷ | ᠲᠦᠪᠰᠢᠨ ᠤ ᠮᠡᠳᠡᠯᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠲᠦᠭᠡᠮᠡᠯᠵᠢᠭᠦᠯᠬᠦ ᠶᠢᠨ ᠬᠠᠮᠲᠤ ᠠᠵᠢᠯᠲᠠᠳ ᠤᠨ ᠭᠠᠯ | ᠤᠨᠲᠠᠷᠠᠭᠠᠬᠤ ᠬᠡᠪ ᠴᠢᠨᠠᠷ ᠢ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠵᠠᠶ᠃ | ᠲᠣᠰ ᠤᠳᠠᠭᠠᠨ ᠤ ᠤᠬᠠᠭᠤᠯᠭ᠎ᠠ ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠲᠠᠷᠢᠶᠠᠯᠠᠩ ᠤᠨ ᠠᠷᠠᠯᠵᠢᠶᠠᠨ ᠤ | ᠵᠠᠬ᠎ᠠ ᠳᠡᠯᠭᠡᠭᠦᠷ ᠵᠢᠴᠢ ᠡᠷᠬᠢᠨ ᠲᠣᠭᠤᠷᠢᠨ ᠤ ᠬᠤᠳᠠᠯᠳᠤᠭᠠᠴᠢᠨ ᠤ ᠭᠠᠯ ᠤᠨᠲᠠᠷᠠᠭᠠᠬᠤ ᠠᠮᠤᠷ ᠲᠦᠪᠰᠢᠨ ᠤ | ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠠᠯ ᠤᠨ ᠭᠠᠮᠰᠢᠭ ᠢ ᠡᠰᠡᠷᠭᠦᠴᠡᠬᠦ ᠴᠢᠳᠠᠪᠤᠷᠢ ᠶᠢ | ᠳᠡᠭᠡᠭᠰᠢᠯᠡᠭᠦᠯᠦᠨ᠂ ᠥᠷᠭᠡᠨ ᠣᠯᠠᠨ ᠠᠷᠠᠳ ᠲᠦᠮᠡᠨ ᠳᠤ ᠭᠠᠯ ᠤᠨᠲᠠᠷᠠᠭᠠᠬᠤ ᠠᠮᠤᠷ ᠲᠦᠪᠰᠢᠨ ᠤ ᠰᠠᠶᠢᠨ ᠰᠠᠶᠢᠬᠠᠨ | ᠣᠷᠴᠢᠨ ᠨᠥᠬᠦᠴᠡᠯ ᠢ ᠬᠠᠩᠭᠠᠭᠰᠠᠨ ᠪᠠᠶᠢᠨ᠎ᠠ᠃ |