ᠠᠣᠬᠠᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠵᠢᠯ ᠣᠯᠭᠤᠯᠲᠠ ᠪᠠᠷ ᠲᠡᠳᠬᠦᠮᠵᠢ ᠶᠢ ᠣᠷᠤᠯᠠᠭᠤᠯᠤᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ ᠬᠥᠳᠡᠭᠡ ᠲᠣᠰᠬᠤᠨ ᠢ ᠵᠤᠯ ᠵᠢᠷᠭᠠᠯᠲᠤ ᠵᠠᠮ ᠢᠶᠠᠷ ᠵᠠᠮᠨᠠᠭᠤᠯᠪᠠ
ᠨᠡᠶᠢᠲᠡᠯᠡᠭᠰᠡᠨ ᠴᠠᠭ᠄
2023/8/30
   ᠣᠶᠢᠷ᠎ᠠ ᠶᠢᠨ ᠵᠢᠯ ᠳᠤ᠂ ᠠᠤᠬᠠᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠨᠢ ᠠᠷᠠᠳ ᠢᠷᠭᠡᠳ ᠤᠨ ᠬᠡᠷ ᠤᠨ ᠡᠭᠦᠳᠡᠨ ᠳᠤ ᠲᠣᠭᠲᠠᠮᠠᠯ ᠣᠷᠣᠯᠭ᠎ᠠ ᠶᠢᠨ ᠨᠡᠮᠡᠭᠳᠡᠯ ᠢ ᠪᠡᠶᠡᠯᠡᠭᠦᠯᠵᠦ᠂  ᠨᠤᠲᠤᠭ ᠣᠷᠤᠨ ᠤ ᠪᠠᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠪᠠᠷ ᠡᠬᠢᠯᠡᠯᠲᠡ ᠪᠣᠯᠭᠠᠵᠤ᠂ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠳᠦᠯᠬᠢᠨ ᠠᠬᠢᠭᠤᠯᠪᠠ᠃    2021 ᠣᠨ᠂ 2022 ᠣᠨ ᠳᠤ ᠲᠥᠪ ᠤᠨ ᠡᠳ᠋ ᠤᠨ ᠵᠠᠰᠠᠭ ᠤᠨ ᠠᠵᠢᠯ ᠣᠯᠭᠤᠯᠲᠠ  ᠪᠠᠷ ᠲᠡᠳᠬᠦᠮᠵᠢ ᠶᠢ ᠣᠷᠣᠯᠠᠭᠤᠯᠬᠤ ᠪᠠᠯᠠ ᠮᠥᠩᠭᠦ 1174 ᠲᠦᠮᠡᠨ ᠲᠥᠭᠦᠷᠢᠭ  ᠴᠢᠷᠮᠠᠶᠢᠨ ᠣᠯᠵᠤ᠂ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ 3 ᠲᠥᠷᠥᠯ ᠵᠦᠢᠯ ᠢ ᠬᠡᠷᠡᠭᠵᠢᠭᠦᠯᠵᠦ᠂ ᠬᠥᠳᠡᠭᠡ ᠲᠣᠰᠬᠤᠨ ᠤ ᠶᠠᠪᠤᠵᠤ ᠰᠠᠭᠤᠬᠤ ᠨᠥᠬᠦᠴᠡᠯ ᠢ ᠰᠠᠶᠢᠵᠢᠷᠠᠭᠤᠯᠬᠤ ᠪᠠᠷ ᠭᠤᠤᠯᠳᠠᠯᠭ᠎ᠠ ᠪᠣᠯᠭᠠᠨ᠂ ᠨᠡᠶᠢᠲᠡ 19.4 ᠺᠢᠯᠣᠮᠧᠲᠷ  ᠱᠦᠢᠨᠢ ᠵᠠᠮ᠂ 170.6 ᠮᠧᠲᠷ ᠤᠰᠤᠨ ᠰᠤᠪᠠᠭ ᠵᠠᠰᠠᠵᠤ᠂ ᠲᠥᠷᠥᠯ  ᠵᠦᠢᠯ ᠤᠨ ᠪᠠᠶᠢᠭ᠎ᠠ ᠰᠢᠶᠠᠩ ᠪᠠᠯᠭᠠᠰᠤ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠬᠥᠳᠡᠭᠡ ᠲᠣᠰᠬᠤᠨ ᠤ 146 ᠭᠠᠷᠤᠶ ᠣᠯᠠᠨ ᠲᠦᠮᠡᠨ ᠤ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠢ ᠰᠢᠭᠤᠳ ᠳᠠᠶᠢᠴᠢᠯᠠᠨ ᠳᠠᠭᠠᠭᠤᠯᠵᠤ᠂ 169.88 ᠲᠦᠮᠡᠨ ᠲᠥᠭᠦᠷᠢᠭ ᠤᠨ ᠬᠥᠳᠡᠯᠮᠦᠷᠢ  ᠦᠢᠯᠡᠴᠢᠯᠡᠭᠡᠨ ᠤ ᠬᠠᠷᠠᠮᠵᠢ ᠣᠯᠭᠤᠪᠠ᠃ 2023 ᠣᠨ ᠳᠤ 290 ᠲᠦᠮᠡᠨ ᠲᠥᠭᠦᠷᠢᠭ ᠤᠨ ᠪᠠᠯᠠ ᠮᠥᠩᠭᠦ ᠴᠢᠷᠮᠠᠶᠢᠨ ᠣᠯᠵᠤ᠂ ᠬᠥᠳᠡᠭᠡ ᠲᠣᠰᠬᠤᠨ ᠤ ᠵᠠᠮ 2.16 ᠺᠢᠯᠣᠮᠧᠲᠷ᠂ ᠤᠰᠤ ᠵᠠᠯᠠᠬᠤ ᠰᠤᠪᠠᠭ ᠤᠨ 1100  ᠮᠧᠲᠷ ᠤᠷᠲᠤᠳᠬᠠᠭᠰᠠᠨ  ᠪᠦᠭᠡᠳ ᠬᠥᠭᠦᠷᠭᠡ ᠶᠢᠨ ᠭᠤᠯᠳᠤᠩ ᠢ ᠰᠢᠨ᠎ᠡ ᠪᠠᠷ ᠪᠠᠶᠢᠭᠤᠯᠵᠤ᠂ ᠲᠤᠬᠠᠶ ᠶᠢᠨ ᠭᠠᠵᠠᠷ ᠤᠨ 50 ᠬᠥᠯᠥᠰᠥᠨ ᠠᠵᠢᠯᠲᠠᠨ ᠢ ᠣᠷᠣᠭᠤᠯᠵᠤ᠂ ᠵᠢᠱᠢᠯᠲᠡ ᠪᠠᠷ 67 ᠲᠦᠮᠡᠨ ᠲᠥᠭᠦᠷᠢᠭ ᠤᠨ ᠬᠥᠳᠡᠯᠮᠦᠷᠢ  ᠦᠢᠯᠡᠴᠢᠯᠡᠭᠡᠨ ᠤ ᠬᠠᠷᠠᠮᠵᠢ ᠣᠯᠭᠤᠬᠤ ᠪᠣᠯᠤᠨ᠎ᠠ᠃ ᠲᠥᠷᠥᠯ ᠵᠦᠢᠯ ᠢ ᠬᠡᠷᠡᠭᠵᠢᠭᠦᠯᠦᠭᠰᠡᠨ ᠨᠢ ᠣᠯᠠᠨ ᠲᠦᠮᠡᠨ ᠤ ᠲᠤᠬᠠᠶ ᠶᠢᠨ ᠭᠠᠵᠠᠷ᠂ ᠣᠶᠢᠷ᠎ᠠ ᠬᠠᠪᠢ ᠳᠠᠭᠠᠨ ᠠᠵᠢᠯ ᠤᠯᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠡᠯ᠎ᠡ ᠲᠣᠰᠬᠤᠨ ︵ᠰᠠᠭᠤᠭᠠᠯᠢ ᠠᠷᠠᠳ︶ ᠤ ᠵᠠᠮ ᠤᠨ ᠲᠣᠤᠷ ᠤᠨ ᠬᠢᠯᠭᠠᠰᠤᠨ ᠰᠤᠳᠠᠯ ᠢ ᠲᠡᠭᠦᠯᠳᠡᠷᠵᠢᠭᠦᠯᠦᠨ᠂ ᠲᠣᠰᠬᠤᠨ ᠤ ᠠᠷᠠᠳ ᠲᠤ ᠨᠠᠩ ᠠᠮᠤᠷ ᠲᠦᠪᠰᠢᠨ ᠪᠥᠭᠡᠳ ᠰᠠᠭᠠᠳ ᠥᠬᠡᠶ ᠶᠠᠪᠤᠵᠤ ᠰᠠᠭᠤᠬᠤ ᠣᠷᠴᠢᠨ ᠨᠥᠬᠦᠴᠡᠯ ᠢ ᠬᠠᠩᠭᠠᠵᠤ᠂ ᠥᠩᠭᠡᠷᠡᠭᠰᠡᠨ ᠤ ︽ᠰᠡᠳᠬᠢᠯ ᠵᠣᠪᠠᠭᠠᠬᠤ ᠵᠠᠮ︾ ᠢ ︽ᠰᠡᠳᠬᠢᠯ ᠳᠤᠯᠠᠭᠠᠴᠠᠭᠤᠯᠬᠤ ᠵᠠᠮ︾ ᠪᠣᠯᠭᠠᠨ ᠬᠤᠪᠢᠷᠠᠭᠤᠯᠵᠤ᠂ ᠲᠤᠬᠠᠶ ᠶᠢᠨ ᠭᠠᠵᠠᠷ ᠤᠨ ᠲᠣᠰᠬᠤᠨ ᠤ ᠠᠷᠠᠳ ᠲᠤ ︽ᠵᠣᠯ ᠵᠢᠷᠭᠠᠯᠲᠤ ᠵᠠᠮ ᠤᠨ ᠲᠣᠤᠷ︾ ᠰᠦᠯᠵᠢᠵᠦ᠂ ᠣᠯᠠᠨ ᠲᠦᠮᠡᠨ ᠤ ᠮᠠᠭᠲᠠᠭᠠᠯ ᠰᠠᠶᠢᠰᠢᠶᠠᠯ ᠢ ᠤᠯᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号