ᠠᠤᠬᠠᠨ ᠬᠤᠰᠢᠭᠤᠨ ᠤ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠬᠠᠪᠰᠤᠷᠤᠨ ᠲᠡᠳᠬᠦᠬᠦ ᠲᠣᠰᠬᠤᠨ ᠳᠤ ᠭᠦᠨᠵᠡᠭᠡᠶᠢᠷᠡᠨ ᠡᠷᠬᠢᠨ ᠦᠵᠡᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/8/30
   ᠨᠠᠮ ᠪᠠ ᠣᠯᠠᠨ ᠲᠦᠮᠡᠨ ᠤ ᠬᠠᠷᠢᠴᠠᠭ᠎ᠠ ᠶᠢ ᠤᠯᠠᠮ ᠨᠢᠭᠡ ᠠᠯᠬᠤᠮ ᠨᠢᠭᠲᠠᠷᠠᠭᠤᠯᠵᠤ᠂ ᠪᠥᠬᠦ ᠨᠠᠮ ᠤᠨ ᠭᠡᠰᠢᠭᠦᠨ ᠤ ᠨᠠᠮᠴᠢ ᠴᠢᠨᠠᠷ ᠤᠨ ᠦᠵᠡᠯᠲᠡ ᠪᠠ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢᠨ ᠤᠬᠠᠮᠰᠠᠷ ᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠨᠠᠮ ᠤᠨ ᠡᠭᠦᠷ 8 ᠰᠠᠷ᠎ᠠ ᠶᠢᠨ 29 ᠤ ᠡᠳᠦᠷ ︽ᠠᠷᠠᠳ ᠤᠨ ᠰᠡᠳᠬᠢᠯ ᠢ ᠳᠤᠯᠠᠭᠠᠴᠠᠭᠤᠯᠵᠤ᠂ ᠬᠠᠯᠠᠮᠵᠢᠯᠠᠨ ᠲᠡᠳᠬᠦᠵᠦ ᠬᠠᠪᠰᠤᠷᠤᠨ ᠲᠡᠳᠬᠦᠬᠦ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠨᠠᠮ ᠤᠨ ᠭᠡᠰᠢᠭᠦᠨ ᠺᠠᠳ᠋ᠷ ᠪᠠ ᠨᠠᠮ ᠳᠤ ᠣᠷᠣᠬᠤ ᠢᠳᠡᠪᠬᠢᠲᠡᠨ ᠢ ᠵᠣᠬᠢᠶᠠᠨ ᠪᠠᠶᠢᠭᠤᠯᠵᠤ ᠠᠤᠬᠠᠨ ᠬᠤᠰᠢᠭᠤᠨ ᠤ ᠰᠢᠨ  ᠾᠦᠢ ᠪᠠᠯᠭᠠᠰᠤᠨ ᠤ ᠰᠢᠨ ᠨᠠᠨ ᠲᠣᠰᠬᠤᠨ ᠳᠤ ᠭᠦᠨᠵᠡᠭᠡᠶᠢᠷᠡᠨ ᠪᠣᠯᠭᠤᠭᠠᠨ ᠲᠣᠬᠤᠨᠢᠭᠤᠯᠪᠠ᠃    ᠬᠠᠪᠰᠤᠷᠤᠨ ᠲᠡᠳᠬᠦᠬᠦ ᠺᠠᠳ᠋ᠷ ᠪᠣᠯᠤᠨ ᠰᠢᠨ ᠨᠠᠨ ᠲᠣᠰᠬᠤᠨ ᠤ ᠠᠷᠠᠳ ᠤᠨ ᠵᠥᠪᠯᠡᠯ ᠤᠨ ᠤᠳᠤᠷᠢᠳᠬᠤ ᠪᠠᠭ ᠲᠣᠰᠬᠤᠨ ᠤ ᠳᠣᠲᠣᠷᠠᠬᠢ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ᠂ ᠣᠷᠣᠰᠢᠵᠤ ᠪᠠᠶᠢᠭ᠎ᠠ ᠬᠦᠴᠢᠷᠳᠡᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠴᠢᠭᠯᠡᠯ ᠵᠡᠷᠭᠡ ᠶᠢᠨ ᠲᠤᠬᠠᠢ ᠰᠠᠨᠠᠯ ᠢᠶᠠᠨ ᠰᠣᠯᠢᠯᠴᠠᠵᠤ᠂ ᠦᠵᠡᠯ ᠰᠠᠨᠠᠭᠠᠨ ᠤ ᠪᠠᠶᠢᠳᠠᠯ ᠢ ᠢᠳᠡᠪᠬᠢᠲᠡᠢ ᠡᠵᠡᠮᠰᠢᠵᠦ᠂ ᠨᠠᠮ ᠤᠨ ᠬᠠᠶᠢᠷ᠎ᠠ ᠬᠠᠯᠠᠮᠵᠢ ᠶᠢ ᠤᠯᠠᠨ ᠲᠦᠮᠡᠨ ᠤ ᠰᠡᠳᠬᠢᠯ ᠳᠤ ᠬᠦᠷᠭᠡᠪᠡ᠃    ᠲᠣᠰ ᠤᠳᠠᠭᠠᠨ ᠤ ︽ᠭᠤᠤᠯ ᠰᠡᠳᠦᠪᠲᠦ ᠨᠠᠮ ᠤᠨ ᠡᠳᠦᠷ︾ ᠢᠶᠠᠷ ᠳᠠᠮᠵᠢᠭᠤᠯᠤᠨ᠂ ᠬᠠᠪᠰᠤᠷᠤᠨ ᠲᠡᠳᠬᠦᠬᠦ ᠲᠣᠰᠬᠤᠨ ᠤ ᠬᠤᠭᠤᠷᠣᠨᠳᠣᠬᠢ ᠬᠠᠷᠢᠯᠴᠠᠭ᠎ᠠ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠷᠢᠶᠠᠯᠠᠬᠤ ᠬᠦᠴᠦᠨ᠂ ᠨᠢᠭᠲᠠᠷᠠᠯ ᠤᠨ ᠬᠦᠴᠦᠨ ᠪᠠ ᠲᠥᠪᠯᠡᠩᠭᠦᠶ ᠬᠦᠴᠦᠨ ᠢ ᠴᠢᠩᠭᠠᠷᠠᠭᠤᠯᠪᠠ᠃ ᠲᠥᠪ ᠠᠴᠠ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠪᠣᠳᠠᠲᠠᠢ ᠠᠳᠬᠤᠵᠤ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠬᠠᠪᠰᠤᠷᠤᠨ ᠲᠡᠳᠬᠦᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号