| 8 ᠰᠠᠷ᠎ᠠ ᠶᠢᠨ 28 ᠤ ᠡᠳᠦᠷ᠂ ᠥᠪᠥᠷ ᠮᠣᠩᠭᠤᠯ ᠤᠨ ᠰᠢᠩ ᠬᠤᠩ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ ᠵᠢᠯ ᠳᠤ 6000 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠲᠠᠢ ᠳ᠋ᠦᠩ ᠹᠠᠩ | ᠲᠠᠯᠠᠰᠲᠤ ᠴᠠᠬᠢᠭᠤᠷ ᠤᠨ ᠰᠢᠨ᠎ᠡ ᠮᠠᠲ᠋ᠧᠷᠢᠶᠠᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠨᠧᠷᠭᠢ | ᠠᠷᠪᠢᠯᠠᠬᠤ ᠮᠡᠳᠡᠭᠦᠯᠦᠯᠲᠡ ᠨᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠤᠨ ᠬᠢᠨᠠᠨ ᠲᠣᠭᠲᠠᠭᠠᠯᠲᠠ ᠶᠢ ᠠᠮᠵᠢᠯᠲᠠ ᠲᠠᠢ ᠥᠩᠭᠡᠷᠡᠭᠡᠪᠡ᠃ | ᠲᠥᠷᠥᠯ ᠵᠦᠢᠯ ᠨᠢ ᠠᠤᠬᠠᠨ ᠬᠤᠰᠢᠭᠤᠨ ᠤ ᠰᠢᠨ ᠾᠦᠢ ᠪᠠᠯᠭᠠᠰᠤᠨ ᠤ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠲᠤ ᠪᠠᠶᠢᠷᠢᠯᠠᠵᠤ᠂ ᠶᠡᠷᠦᠩᠬᠡᠶ ᠪᠠᠯᠠ ᠣᠷᠣᠭᠤᠯᠤᠯᠲᠠ ᠨᠢ 89 ᠳ᠋ᠦᠩᠰᠢᠭᠤᠷ ᠲᠥᠭᠦᠷᠢᠭ ᠪᠠᠶᠢᠵᠤ᠂ | ᠶᠡᠷᠦᠩᠬᠡᠶ ᠲᠠᠯᠠᠪᠠᠶ ᠨᠢ 4000 ᠮᠥ ᠪᠠᠶᠢᠵᠤ᠂ ᠲᠥᠷᠥᠯ ᠵᠦᠢᠯ ᠨᠢ ᠪᠠᠶᠢᠭᠤᠯᠤᠭᠳᠠᠭᠰᠠᠨ ᠤ ᠳᠠᠷᠠᠭ᠎ᠠ ᠵᠢᠯ ᠳᠤ ᠳ᠋ᠦᠩ | ᠹᠠᠩ ᠲᠠᠯᠠᠰᠲᠤ ᠴᠠᠬᠢᠭᠤᠷ ᠤᠨ ᠰᠢᠨ᠎ᠡ ᠮᠠᠲ᠋ᠧᠷᠢᠶᠠᠯ ᠢ 6000 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠲᠠᠢ | ᠦᠢᠯᠡᠳᠪᠦᠷᠢᠯᠡᠨ᠎ᠡ᠃ ᠵᠢᠯ ᠪᠦᠷᠢ ᠶᠢᠨ ᠳᠤᠮᠳᠠᠴᠢ ᠪᠣᠷᠣᠯᠠᠭᠤᠯᠤᠯᠲᠠ ᠶᠢᠨ ᠣᠷᠣᠯᠭ᠎ᠠ 168.6 ᠳ᠋ᠦᠩᠰᠢᠭᠤᠷ | ᠲᠥᠭᠦᠷᠢᠭ ᠲᠤ ᠬᠦᠷᠴᠦ᠂ ᠵᠢᠯ ᠤᠨ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ 104.3 ᠳ᠋ᠦᠩᠰᠢᠭᠤᠷ | ᠲᠥᠭᠦᠷᠢᠭ ᠲᠤ ᠬᠦᠷᠴᠦ᠂ ᠲᠥᠷᠥᠯ ᠵᠦᠢᠯ ᠤᠨ ᠵᠢᠯ ᠤᠨ ᠳᠤᠮᠳᠠᠴᠢ ᠡᠵᠡᠩᠨᠡᠯᠲᠡ ᠶᠢᠨ ᠭᠠᠶᠢᠯᠢ ᠶᠢᠨ ᠮᠥᠩᠭᠦ ᠵᠢᠴᠢ | ᠨᠡᠮᠡᠯᠲᠡ 0.9 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠳᠤᠮᠳᠠᠴᠢ ᠥᠷᠲᠡᠭ ᠨᠡᠮᠡᠭᠳᠡᠯ ᠤᠨ ᠭᠠᠶᠢᠯᠢ 7.6 | ᠳ᠋ᠦᠩᠰᠢᠭᠤᠷ ᠲᠥᠭᠦᠷᠢᠭ ᠲᠤ ᠬᠦᠷᠴᠦ᠂ ᠵᠢᠱᠢᠯᠲᠡ ᠪᠠᠷ 200 ᠬᠥᠮᠦᠨ ᠳᠤ ᠠᠵᠢᠯ ᠣᠯᠭᠤᠬᠤ ᠶᠢ | ᠳᠠᠶᠢᠴᠢᠯᠠᠬᠤ ᠪᠠᠷ ᠪᠠᠶᠢᠨ᠎ᠠ᠃ | ᠲᠣᠰ ᠲᠥᠷᠥᠯ ᠵᠦᠢᠯ ᠤᠨ ᠶᠡᠷᠦᠩᠬᠡᠶᠢᠯᠡᠭᠰᠡᠨ ᠡᠨᠧᠷᠭᠢ ᠶᠢᠨ ᠬᠡᠷᠡᠭᠯᠡᠭᠡ 119 ᠲᠦᠮᠡᠨ ᠲᠣᠨ ᠪᠠᠷᠢᠮᠵᠢᠶᠠᠲᠤ | ᠨᠡᠭᠦᠷᠡᠰᠦ / ᠵᠢᠯ ︵ᠠᠳᠠᠯᠢ ᠥᠷᠲᠡᠭ︶᠂ ᠨᠢᠭᠡᠴᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠨᠢ 0.82 ᠲᠣᠨ | ᠪᠠᠷᠢᠮᠵᠢᠶᠠᠲᠤ ᠨᠡᠭᠦᠷᠡᠰᠦ / ᠲᠦᠮᠡᠨ ᠲᠥᠭᠦᠷᠢᠭ ︵ᠲᠡᠩᠴᠡᠭᠦᠦ ᠥᠷᠲᠡᠭ︶᠂ ᠪᠥᠬᠦ ᠬᠤᠲᠠ ᠶᠢᠨ ᠬᠡᠪ | ᠳᠠᠭᠤᠷᠢᠶᠠᠯ ᠤᠨ ᠬᠡᠮᠵᠢᠭᠳᠡᠯ ᠠᠴᠠ ᠳᠣᠤᠷ᠎ᠠ ᠪᠣᠯᠪᠠ᠃ ᠨᠢᠭᠡᠴᠢ ᠦᠢᠯᠡᠳᠭᠦᠨ ᠤ ᠶᠡᠷᠦᠩᠬᠡᠶᠢᠯᠡᠭᠰᠡᠨ ᠡᠨᠧᠷᠭᠢ ᠶᠢᠨ | ᠬᠤᠷᠣᠭᠳᠠᠯ ᠢ ᠠᠵᠢᠯ ᠲᠥᠷᠥᠯ ᠤᠨ ᠪᠠᠷᠢᠮᠵᠢᠶ᠎ᠠ ᠲᠠᠢ ᠬᠠᠷᠭᠤᠭᠤᠯᠵᠤ᠂ ᠲᠡᠷᠢᠭᠦᠨ ᠤ ᠬᠡᠮᠵᠢᠭᠳᠡᠯ ᠢ ᠬᠠᠩᠭᠠᠨ᠎ᠠ᠃ | ᠲᠣᠰ ᠲᠥᠷᠥᠯ ᠵᠦᠢᠯ ᠤᠨ ᠡᠨᠧᠷᠭᠢ ᠠᠷᠪᠢᠯᠠᠬᠤ ᠮᠡᠳᠡᠭᠦᠯᠦᠯᠲᠡ ᠶᠢ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠢᠨᠠᠨ ᠲᠣᠭᠲᠠᠭᠠᠯᠲᠠ ᠶᠢ ᠤᠷᠤᠭᠰᠢᠲᠠᠶ ᠥᠩᠭᠡᠷᠡᠭᠡᠵᠦ᠂ ᠲᠣᠰ | ᠲᠥᠷᠥᠯ ᠵᠦᠢᠯ ᠤᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠳᠤ ᠬᠦᠴᠦᠲᠡᠶ ᠰᠠᠭᠤᠷᠢ ᠶᠢ ᠲᠠᠯᠪᠢᠵᠤ ᠥᠭᠴᠡᠶ᠃ | |