| ᠣᠶᠢᠷ᠎ᠠ ᠳᠤ᠂ ᠬᠤᠰᠢᠭᠤᠨ ᠤ ᠵᠠᠰᠠᠮᠠᠯ ᠵᠠᠮ ᠤᠨ ᠬᠠᠮᠢᠶᠠᠷᠤᠯᠲᠠ ᠬᠠᠮᠠᠭᠠᠯᠠᠯᠲᠠ ᠪᠠ ᠲᠡᠭᠡᠭᠡᠪᠦᠷᠢ ᠶᠢᠨ | ᠪᠠᠲᠤᠯᠠᠭ᠎ᠠ ᠶᠢᠨ ᠲᠥᠪ ᠠᠴᠠ ᠭᠤᠷᠪᠠᠳᠠᠬᠢ ᠡᠲᠡᠭᠡᠳ ᠤᠨ ᠪᠠᠶᠢᠴᠠᠭᠠᠨ ᠰᠢᠯᠭᠠᠬᠤ ᠨᠢᠭᠡᠴᠢ ᠳᠤ ᠨᠠᠶᠢᠳᠠᠵᠤ᠂ | ᠠᠦ᠋ᠲ᠋ᠣᠴᠢᠯᠠᠭᠰᠠᠨ ᠪᠠᠶᠢᠴᠠᠭᠠᠨ ᠰᠢᠯᠭᠠᠬᠤ ᠲᠡᠷᠭᠡ ᠪᠠᠷ ᠪᠥᠬᠦ ᠬᠤᠰᠢᠭᠤᠨ ᠤ ᠬᠥᠳᠡᠭᠡ ᠲᠣᠰᠬᠤᠨ ᠤ ᠵᠠᠰᠠᠮᠠᠯ | ᠵᠠᠮ ᠤᠨ ᠭᠠᠳᠠᠷᠭᠤ ᠶᠢᠨ ᠮᠡᠷᠭᠡᠵᠢᠯ ᠤᠨ ᠪᠠᠶᠢᠳᠠᠯ ᠳᠤ ᠠᠦ᠋ᠲ᠋ᠣᠴᠢᠯᠠᠭᠰᠠᠨ ᠪᠠᠶᠢᠴᠠᠭᠠᠨ ᠬᠡᠮᠵᠢᠯᠲᠡ ᠬᠢᠯᠭᠡᠵᠡᠶ᠃ ᠲᠣᠰ | ᠤᠳᠠᠭᠠᠨ ᠤ ᠠᠦ᠋ᠲ᠋ᠣᠴᠢᠯᠠᠭᠰᠠᠨ ᠪᠠᠶᠢᠴᠠᠭᠠᠨ ᠬᠡᠮᠵᠢᠯᠲᠡ ᠳᠤ ᠣᠶᠤᠨᠴᠢ ᠵᠠᠮ ᠤᠨ ᠪᠠᠶᠢᠴᠠᠭᠠᠨ ᠬᠡᠮᠵᠢᠯᠲᠡ ᠶᠢᠨ | ᠰᠢᠰᠲ᠋ᠧᠮ ᠢ ᠬᠡᠷᠡᠭᠯᠡᠵᠦ᠂ ᠳᠡᠭᠡᠳᠦ ᠴᠢᠳᠠᠪᠬᠢᠳᠤ ᠺᠣᠮᠫᠢᠦ᠋ᠲ᠋ᠧᠷ ᠢᠶᠠᠷ ᠰᠡᠷᠡᠯ ᠳᠠᠮᠵᠢᠭᠤᠯᠤᠭᠴᠢ ᠶᠢ ᠴᠤᠭᠯᠠᠭᠤᠯᠬᠤ ᠪᠠ | ᠬᠠᠳᠠᠭᠠᠯᠠᠬᠤ ᠲᠤᠭ᠎ᠠ ᠪᠠᠷᠢᠮᠲᠠ ᠲᠠᠢ ᠤᠶᠠᠯᠳᠤᠭᠤᠯᠵᠤ᠂ ᠵᠠᠮ ᠤᠨ ᠰᠠᠭᠤᠷᠢ᠂ ᠵᠠᠮ ᠤᠨ ᠭᠠᠳᠠᠷᠭᠤ ᠵᠡᠷᠭᠡ | ᠲᠥᠬᠦᠭᠡᠷᠦᠮᠵᠢ ᠶᠢᠨ ᠴᠢᠳᠠᠮᠵᠢ ᠶᠢᠨ ᠵᠢᠭᠠᠯᠲᠠ ᠲᠤᠭ᠎ᠠ ᠶᠢ ᠭᠤᠤᠯᠳᠠᠯᠭ᠎ᠠ ᠲᠠᠢ ᠦᠨᠡᠯᠡᠨ ᠲᠣᠭᠲᠠᠭᠠᠵᠤ᠂ ᠬᠥᠳᠡᠭᠡ | ᠲᠣᠰᠬᠤᠨ ᠤ ᠵᠠᠰᠠᠮᠠᠯ ᠵᠠᠮ ᠢ ᠨᠡᠶᠢᠲᠡ 1584.037 ᠺᠢᠯᠣᠮᠧᠲᠷ ᠪᠠᠶᠢᠴᠠᠭᠠᠨ ᠬᠡᠮᠵᠢᠵᠡᠶ᠂ ᠡᠭᠦᠨ ᠳᠤ ᠰᠢᠶᠠᠨ ᠤ | ᠵᠠᠮ 38.306 ᠺᠢᠯᠣᠮᠧᠲᠷ᠂ ᠬᠥᠳᠡᠭᠡ ᠲᠣᠰᠬᠤᠨ ᠤ ᠵᠠᠰᠠᠮᠠᠯ ᠵᠠᠮ 1545.731 ᠺᠢᠯᠣᠮᠧᠲᠷ ᠪᠠᠶᠢᠨ᠎ᠠ᠃ | ᠲᠣᠰ ᠪᠠᠶᠢᠴᠠᠭᠠᠨ ᠰᠢᠯᠭᠠᠬᠤ ᠲᠡᠷᠭᠡ ᠨᠢ ᠴᠠᠭ ᠲᠤᠬᠠᠶ ᠳᠤᠨᠢ ᠪᠠᠶᠢᠴᠠᠭᠠᠨ ᠰᠢᠯᠭᠠᠬᠤ᠂ ᠲᠤᠭ᠎ᠠ ᠪᠠᠷᠢᠮᠲᠠ ᠶᠢ | ᠵᠠᠳᠠᠯᠬᠤ ᠵᠡᠷᠭᠡ ᠴᠢᠳᠠᠪᠤᠷᠢ ᠲᠠᠢ ᠪᠠᠶᠢᠳᠠᠭ᠃ ᠵᠦᠶ ᠵᠣᠬᠢᠰᠲᠠᠶ ᠲᠡᠷᠭᠡᠨ ᠤ ᠬᠤᠷᠳᠤᠴᠠ ᠶᠢᠨ ᠳᠣᠤᠷ᠎ᠠ ᠵᠠᠮ ᠤᠨ | ᠭᠠᠳᠠᠷᠭᠤ ᠶᠢᠨ ᠡᠪᠳᠡᠷᠡᠵᠦ ᠰᠦᠢᠲᠦᠭᠰᠡᠨ ᠪᠠᠶᠢᠳᠠᠯ ᠢ ᠠᠦ᠋ᠲ᠋ᠣ᠋ ᠪᠠᠶᠢᠴᠠᠭᠠᠨ ᠰᠢᠯᠭᠠᠵᠤ᠂ ᠲᠤᠭ᠎ᠠ ᠪᠠᠷᠢᠮᠲᠠ ᠶᠢ | ᠴᠤᠭᠯᠠᠭᠤᠯᠵᠤ ᠪᠠᠷᠠᠭᠰᠠᠨ ᠤ ᠳᠠᠷᠠᠭ᠎ᠠ᠂ ᠠᠷᠤ ᠲᠠᠪᠴᠠᠩ ᠤᠨ ᠬᠢᠨ ᠴᠤᠭᠯᠠᠭᠤᠯᠤᠭᠰᠠᠨ ᠲᠤᠭ᠎ᠠ ᠪᠠᠷᠢᠮᠲᠠ ᠶᠢ | ᠶᠡᠷᠦᠩᠬᠡᠶᠢᠯᠡᠨ ᠵᠠᠳᠠᠯᠵᠤ ᠦᠨᠡᠯᠡᠨ ᠲᠣᠭᠲᠠᠭᠠᠵᠤ᠂ ᠵᠠᠮ ᠤᠨ ᠭᠠᠳᠠᠷᠭᠤ ᠶᠢᠨ ᠮᠡᠷᠭᠡᠵᠢᠯ ᠤᠨ ᠪᠠᠶᠢᠳᠠᠯ ᠢ ᠦᠨᠡᠯᠡᠨ | ᠲᠣᠭᠲᠠᠭᠠᠬᠤ ᠳᠤᠮᠳᠠ ᠬᠥᠮᠦᠨ ᠤ ᠬᠦᠴᠦᠨ ᠤ ᠪᠠᠶᠢᠴᠠᠭᠠᠨ ᠬᠡᠮᠵᠢᠯᠲᠡ ᠶᠢᠨ ᠢᠯᠡᠷᠡᠭᠰᠡᠨ ᠬᠤᠷᠳᠤᠴᠠ ᠨᠢ ᠤᠳᠠᠭᠠᠨ᠂ | ᠶᠠᠰᠤ ᠴᠢᠨᠠᠷ ᠠᠨᠠᠶ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠪᠠᠶᠢᠴᠠᠭᠠᠨ ᠰᠢᠯᠭᠠᠬᠤ ᠦᠷ᠎ᠡ ᠪᠦᠲᠦᠮᠵᠢ ᠶᠢ | ᠶᠡᠭᠡ ᠪᠠᠷ ᠳᠡᠭᠡᠭᠰᠢᠯᠡᠭᠦᠯᠦᠨ᠂ ᠦᠨᠡᠯᠡᠨ ᠲᠣᠭᠲᠠᠭᠠᠭᠰᠠᠨ ᠦᠷ᠎ᠡ ᠳ᠋ᠦᠩ ᠢ ᠨᠠᠩ ᠣᠨᠣᠪᠴᠢᠲᠠᠶ ᠪᠣᠯᠭᠠᠵᠠᠶ᠃ ᠡᠨᠡᠬᠦ | ᠮᠡᠷᠭᠡᠵᠢᠯ ᠢ ᠳᠡᠯᠭᠡᠷᠡᠭᠦᠯᠦᠨ ᠠᠰᠢᠭᠯᠠᠬᠤ ᠨᠢ ᠮᠠᠨ ᠤ ᠬᠤᠰᠢᠭᠤᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ | ᠠᠷᠠᠴᠢᠯᠠᠯᠲᠠ ᠶᠢᠨ ᠬᠠᠮᠢᠶᠠᠷᠤᠯᠲᠠ ᠶᠢᠨ ᠠᠵᠢᠯ ᠤᠨ ᠬᠢᠷᠢ ᠲᠦᠪᠰᠢᠨ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ | ᠪᠤᠲᠤᠯᠭ᠎ᠠ ᠲᠣᠭᠲᠠᠭᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠦᠭᠦ ᠬᠤᠰᠢᠭᠤᠨ ᠤ ᠬᠥᠳᠡᠭᠡ | ᠲᠣᠰᠬᠤᠨ ᠤ ᠵᠠᠰᠠᠮᠠᠯ ᠵᠠᠮ ᠤᠨ ᠠᠷᠠᠴᠢᠯᠠᠯᠲᠠ ᠶᠢᠨ ᠶᠡᠭᠡ ᠳᠤᠮᠳᠠ ᠵᠠᠰᠠᠯᠲᠠ ᠶᠢᠨ ᠲᠥᠯᠥᠪᠯᠡᠭᠡ ᠶᠢ ᠵᠣᠬᠢᠰᠲᠠᠶ | ᠨᠠᠶᠢᠷᠠᠭᠤᠯᠤᠨ ᠵᠣᠬᠢᠶᠠᠵᠤ᠂ ᠴᠠᠭ ᠲᠤᠨᠢ ᠲᠣᠬᠢᠷᠠᠭᠤᠯᠤᠨ ᠰᠡᠷᠭᠡᠶᠢᠯᠡᠯᠲᠡ ᠶᠢᠨ ᠴᠢᠨᠠᠷᠲᠠᠶ ᠠᠷᠠᠴᠢᠯᠠᠯᠲᠠ ᠶᠢ | ᠥᠷᠨᠢᠭᠦᠯᠵᠦ᠂ ︽ᠲᠦᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠪᠦᠲᠦᠭᠡᠡ ᠪᠠᠶᠢᠭᠤᠯᠤᠯᠲᠠ ᠶᠢᠨ ᠦᠷ᠎ᠡ | ᠪᠦᠲᠦᠭᠡᠯ ᠢ ᠪᠠᠬᠢᠵᠢᠭᠦᠯᠬᠦ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠬᠤ ᠪᠣᠯᠤᠨ᠎ᠠ᠃ |