| 8 ᠰᠠᠷ᠎ᠠ ᠶᠢᠨ 29 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ | ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ 2023 ᠣᠨ ᠤ ᠠᠷᠪᠠᠨ ᠨᠢᠭᠡᠳᠦᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ | ᠬᠡᠷ ᠲᠡᠭᠡᠨ ᠪᠠᠶᠢᠭ᠎ᠠ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ | ᠣᠷᠣᠯᠴᠠᠵᠤ᠂ ᠬᠤᠯᠪᠣᠭᠳᠠᠯ ᠪᠥᠬᠦᠶ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ᠂ ᠰᠢᠶᠠᠩ ᠪᠠᠯᠭᠠᠰᠤ | ᠰᠤᠮᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ | ᠣᠷᠣᠯᠴᠠᠵᠠᠶ᠃ | ᠬᠤᠷᠠᠯ ᠠᠴᠠ ︽ᠠᠤᠬᠠᠨ ᠬᠤᠰᠢᠭᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ | ᠬᠠᠷᠠᠯᠲᠠ ᠶᠢᠨ ᠬᠥᠲᠥᠯᠪᠦᠷᠢ ᠶᠢᠨ ᠳᠤᠮᠳᠠ ᠬᠤᠭᠤᠴᠠᠭᠠᠨ ᠤ ᠦᠨᠡᠯᠡᠨ ᠵᠢᠱᠢᠭᠰᠡᠨ ᠮᠡᠳᠡᠭᠦᠯᠦᠯᠲᠡ︾ ᠪᠠ ︽ᠠᠤᠬᠠᠨ | ᠬᠤᠰᠢᠭᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ | ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ᠶᠢᠨ | ᠲᠣᠬᠢᠷᠠᠭᠤᠯᠤᠯᠲᠠ ᠶᠢᠨ ᠪᠠᠶᠢᠳᠠᠯ ᠤᠨ ᠮᠡᠳᠡᠭᠦᠯᠦᠯᠲᠡ ︵ᠲᠥᠰᠦᠯ︶︾᠂ ︽ᠠᠤᠬᠠᠨ ᠬᠤᠰᠢᠭᠤᠨ ᠤ ᠲᠥᠷᠥ ᠶᠢᠨ | ᠪᠣᠳᠣᠯᠭ᠎ᠠ ᠶᠢᠨ ᠴᠢᠨᠠᠷᠲᠠᠶ ᠨᠠᠷᠢᠮᠤ ᠶᠢᠨ ᠲᠠᠷᠢᠮᠠᠯ ᠤᠨ ᠪᠦᠷᠢᠨ ᠥᠪᠡᠷ ᠤᠨ ᠥᠷᠲᠡᠭ ᠤᠨ ᠳᠠᠭᠠᠳᠬᠠᠯ ᠤᠨ | ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠲᠥᠰᠦᠯ︾᠂ ︽ᠠᠤᠬᠠᠨ ᠬᠤᠰᠢᠭᠤᠨ ᠤ 2023 ᠣᠨ ᠤ ᠥᠪᠡᠷᠲᠡᠭᠡᠨ | ᠵᠠᠰᠠᠬᠤ ᠣᠷᠣᠨ ᠤ ᠡᠪᠡᠰᠦᠨ ᠤ ᠠᠵᠤ ᠦᠢᠯᠡᠰ ᠤᠨ ᠡᠳ᠋ ᠤᠨ ᠵᠠᠰᠠᠭ ᠤᠨ ᠵᠣᠯᠭᠠᠭᠤᠯᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠳᠥᠯᠭᠢᠨ ᠠᠬᠢᠭᠤᠯᠬᠤ ᠨᠥᠬᠦᠪᠥᠷᠢ ᠪᠠᠯᠠ ᠮᠥᠩᠭᠦ ᠶᠢᠨ ᠬᠡᠷᠡᠭᠯᠡᠯᠲᠡ ᠶᠢᠨ ᠲᠥᠰᠦᠯ︾ | ᠂ ︽ᠠᠤᠬᠠᠨ ᠬᠤᠰᠢᠭᠤᠨ ᠤ 2023 ᠣᠨ ᠤ ᠬᠤᠲᠠ ᠶᠢᠨ ᠲᠣᠰ ᠱᠠᠲᠤᠨ ᠤ ᠬᠤᠶᠠᠳᠤᠭᠠᠷ ᠪᠦᠯᠦᠭ ᠤᠨ | ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠥᠯᠭᠢᠨ ᠠᠬᠢᠭᠤᠯᠬᠤ ᠨᠥᠬᠦᠪᠥᠷᠢ | ᠪᠠᠯᠠ ᠮᠥᠩᠭᠦ ᠶᠢᠨ ᠬᠤᠪᠢᠶᠠᠷᠢᠯᠠᠯᠲᠠ ᠶᠢᠨ ᠲᠥᠯᠥᠪᠯᠡᠭᠡ︾᠂ ︽ᠠᠤᠬᠠᠨ ᠬᠤᠰᠢᠭᠤᠨ ᠤ 2023 ᠣᠨ ᠤ ᠡᠳ᠋ ᠤᠨ | ᠵᠠᠰᠠᠭ ᠤᠨ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠡᠮᠬᠢᠯᠡᠨ | ᠨᠡᠶᠢᠯᠡᠭᠦᠯᠵᠦ ᠬᠡᠷᠡᠭᠯᠡᠬᠦ ᠠᠵᠢᠯ ᠤᠨ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ᠂ ᠪᠥᠬᠦ ᠬᠤᠰᠢᠭᠤᠨ ᠤ | ᠭᠤᠤᠯᠳᠠᠯᠭ᠎ᠠ ᠲᠠᠢ ᠵᠠᠷᠤᠯᠭ᠎ᠠ ᠶᠢᠨ ᠵᠦᠢᠯᠡᠰ ᠢ ᠰᠢᠪᠠᠳᠠᠨ ᠪᠠᠶᠢᠴᠠᠭᠠᠵᠤ ᠲᠠᠨᠢᠯᠴᠠᠭᠤᠯᠬᠤ ᠠᠵᠢᠯ᠂ ᠰᠤᠯᠠ ᠪᠠᠶᠢᠭ᠎ᠠ | ᠬᠡᠷ ᠪᠠᠶᠢᠰᠢᠩ ᠢ ᠰᠢᠯᠵᠢᠭᠦᠯᠦᠨ ᠥᠭᠬᠦ ᠠᠵᠢᠯ ᠢ ᠥᠷᠨᠢᠭᠦᠯᠦᠭᠰᠡᠨ ᠪᠠᠶᠢᠳᠠᠯ᠂ 2023 ᠣᠨ ᠤ ᠡᠳ᠋ ᠤᠨ ᠵᠠᠰᠠᠭ ᠤᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ︵ᠴᠥᠭᠡᠨ ᠲᠣᠭᠠᠲᠤ | ᠦᠨᠳᠦᠰᠦᠲᠡᠨ ᠤ ᠬᠥᠭᠵᠢᠯᠲᠡ ᠶᠢᠨ ᠡᠭᠦᠷᠭᠡ︶ ᠶᠢᠨ ᠨᠥᠬᠦᠪᠥᠷᠢ ᠶᠢᠨ ᠪᠠᠯᠠ ᠮᠥᠩᠭᠦ ᠶᠢ ᠳᠠᠬᠢᠨ ᠬᠡᠷᠡᠭᠯᠡᠵᠦ ᠪᠠᠶᠢᠭ᠎ᠠ | ᠪᠠᠶᠢᠳᠠᠯ︾ ᠵᠡᠷᠭᠡ ᠲᠠᠯ᠎ᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠡᠷᠡᠯ ᠴᠡᠨᠡᠭ ᠢᠶᠠᠷ ᠬᠠᠪᠰᠤᠷᠤᠨ ᠲᠡᠳᠬᠦᠬᠦ | ᠴᠠᠬᠢᠯᠭᠠᠨ ᠥᠷᠲᠡᠭᠡ ᠶᠢᠨ ᠠᠰᠢᠭ ᠣᠷᠣᠯᠭ᠎ᠠ ᠶᠢᠨ ᠮᠥᠩᠭᠦ ᠶᠢ ᠭᠠᠷᠭᠠᠨ ᠦᠭᠴᠦ ᠣᠷᠣᠰᠢᠨ ᠰᠠᠭᠤᠬᠤ ᠣᠷᠴᠢᠨ | ᠨᠦᠭᠦᠴᠡᠯ ᠢ ᠴᠡᠭᠴᠡᠯᠡᠨ ᠵᠠᠰᠠᠬᠤ ᠵᠠᠷᠤᠳᠠᠯ ᠢ ᠣᠯᠭᠤᠬᠤ᠂ 2023 ᠣᠨ ᠤ ᠬᠤᠶᠠᠳᠤᠭᠠᠷ ᠤᠯᠠᠷᠢᠯ ᠤᠨ ᠰᠢᠨ᠎ᠡ ᠪᠠᠷ | ᠢᠯᠭᠠᠨ ᠲᠠᠨᠢᠵᠤ ᠬᠢᠨᠠᠨ ᠬᠡᠮᠵᠢᠬᠦ ᠡᠷᠦᠬᠡ ᠶᠢᠨ ᠡᠳ᠋ ᠬᠥᠷᠥᠩᠭᠡ ᠶᠢᠨ ᠠᠰᠢᠭ ᠣᠷᠣᠯᠭ᠎ᠠ ᠶᠢᠨ ᠮᠥᠩᠭᠦ ᠵᠡᠷᠭᠡ | ᠵᠦᠢᠯᠡᠰ ᠢ ᠰᠤᠳᠤᠯᠪᠠ᠃ | ᠬᠤᠷᠠᠯ ᠠᠴᠠ ᠱᠠᠭᠠᠷᠳᠠᠭᠰᠠᠨ ᠨᠢ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠨᠠᠬᠢ ᠶᠢ ᠨᠡᠭᠡᠭᠡᠬᠦ ᠵᠠᠩᠭᠢᠯᠠᠭ᠎ᠠ ᠶᠢᠨ ᠵᠢᠯ | ᠪᠣᠯᠤᠨ᠎ᠠ᠂ ᠳᠤᠮᠳᠠ ᠬᠤᠭᠤᠴᠠᠭᠠᠨ ᠤ ᠦᠨᠡᠯᠡᠨ ᠵᠢᠱᠢᠬᠦ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ | ᠲᠠᠨᠢᠵᠤ᠂ ᠵᠣᠬᠢᠴᠠᠭᠤᠯᠤᠨ ᠬᠠᠮᠲᠤᠷᠠᠯᠴᠠᠬᠤ ᠶᠢ ᠴᠢᠩᠭᠠᠳᠬᠠᠨ᠂ ᠠᠵᠢᠯ ᠤᠨ ᠠᠷᠭ᠎ᠠ ᠵᠠᠮ ᠢ ᠵᠦᠢᠯ ᠳᠠᠷᠠᠭᠠᠯᠠᠨ | ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠪᠣᠳᠠᠲᠠᠶ ᠠᠯᠬᠤᠮ ᠳᠠᠷᠠᠭ᠎ᠠ ᠶᠢ ᠲᠣᠳᠣᠷᠬᠠᠶᠢᠯᠠᠨ᠂ ᠪᠡᠶᠡᠯᠡᠭᠦᠯᠬᠦ ᠴᠠᠭ ᠤᠨ | ᠬᠢᠵᠠᠭᠠᠷ ᠢ ᠵᠢᠭᠰᠠᠭᠠᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ | ᠬᠡᠷᠡᠭᠲᠡᠶ ᠭᠡᠪᠡ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠤᠷᠲᠤ ᠬᠤᠭᠤᠴᠠᠭ᠎ᠠ ᠪᠠᠷ ᠵᠢᠭᠠᠨ ᠰᠤᠷᠭᠠᠯᠲᠠ ᠶᠢᠨ ᠨᠢᠭᠡᠳᠦᠭᠡᠷ | ᠹᠷᠣᠨᠲ ᠲᠤ ᠰᠠᠭᠤᠷᠢᠯᠠᠵᠤ᠂ ᠪᠠᠭᠰᠢ ᠶᠢᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨᠬᠦ | ᠭᠦᠢᠴᠡᠳᠬᠡᠵᠦ᠂ ᠬᠡᠪ ᠴᠢᠨᠠᠷ ᠤᠨ ᠰᠤᠷᠭᠠᠨ ᠬᠥᠮᠦᠵᠢᠯ ᠢ ᠢᠳᠡᠪᠬᠢᠲᠡᠢ ᠬᠡᠷᠡᠭᠵᠢᠭᠦᠯᠵᠦ᠂ ᠬᠥᠮᠦᠨ ᠢᠶᠠᠷ ᠦᠨᠳᠦᠰᠦ | ᠪᠣᠯᠭᠠᠵᠤ᠂ ᠰᠤᠷᠤᠭᠴᠢᠳ ᠢ ᠬᠠᠶᠢᠷᠠᠯᠠᠵᠤ᠂ ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ᠰᠤᠷᠭᠠᠨ | ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ᠂ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ | ᠲᠠᠯ᠎ᠠ ᠪᠠᠷ ᠢᠯᠡᠳᠲᠡ ᠠᠮᠵᠢᠯᠲᠠ ᠪᠦᠲᠦᠮᠵᠢ ᠣᠯᠵᠤ᠂ ᠰᠤᠷᠤᠭᠴᠢ᠂ ᠭᠡᠷ ᠤᠨ ᠠᠬᠠᠮᠠᠳ᠂ ᠨᠡᠶᠢᠭᠡᠮ ᠤᠨ | ᠬᠦᠨᠳᠦᠳᠬᠡᠯ ᠪᠠ ᠬᠠᠶᠢᠷ᠎ᠠ ᠬᠦᠨᠳᠦᠳᠬᠡᠯ ᠢ ᠣᠯᠤᠭᠰᠠᠨ ᠰᠤᠷᠭᠠᠨ ᠬᠥᠮᠦᠵᠢᠯ ᠤᠨ ᠠᠵᠢᠯᠲᠠᠳ ᠢ 2023 ᠣᠨ ᠤ | ᠪᠠᠭᠰᠢ ᠶᠢᠨ ᠪᠠᠶᠠᠷ ᠤᠨ ᠡᠳᠦᠷ ᠲᠤ ᠬᠥᠬᠢᠭᠦᠯᠦᠨ ᠰᠠᠶᠢᠰᠢᠶᠠᠬᠤ ᠡᠲᠡᠭᠡᠳ ᠪᠣᠯᠭᠠᠵᠤ᠂ ᠲᠡᠷᠢᠭᠦᠨ ᠤ ᠬᠢ ᠶᠢ | ᠦᠪᠡᠳᠡᠭᠰᠢ ᠶᠡᠭᠡ ᠪᠠᠷ ᠰᠠᠶᠢᠰᠢᠶᠠᠵᠤ᠂ ᠰᠤᠷᠭᠠᠨ ᠬᠥᠮᠦᠵᠢᠯ ᠤᠨ ᠲᠦᠷᠦᠯ ᠲᠡᠮᠳᠡᠭ ᠢ ᠴᠤᠤᠷᠢᠶᠠᠲᠤᠭᠤᠯᠬᠤ᠂ ᠠᠷᠠᠳ | ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠳᠤ ᠬᠦᠴᠦᠨ ᠴᠢᠳᠠᠯ ᠢᠶᠠᠨ ᠡᠷᠭᠦᠬᠦ | ᠬᠡᠷᠡᠭᠲᠡᠢ ᠭᠡᠪᠡ᠃ | |