| 8 ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠷᠢᠨ | ᠪᠢᠴᠢᠭ ᠤᠨ ᠳᠡᠳ᠋ ᠳᠠᠷᠤᠭ᠎ᠠ᠂ ᠠᠯᠪᠠᠨ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠯᠢ ᠰᠢᠶᠠᠩ | ᠾᠧ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠮᠠᠨ ᠤ ᠬᠤᠰᠢᠭᠤᠨ ᠳᠤ ᠢᠷᠡᠵᠦ ᠰᠣᠶᠣᠯ ᠲᠡᠤᠬᠡ ᠶᠢᠨ | ᠣᠷᠳᠣᠨ ᠤ ᠮᠠᠲ᠋ᠧᠷᠢᠶᠠᠯ ᠴᠤᠭᠯᠠᠭᠤᠯᠬᠤ ᠠᠵᠢᠯ ᠢ ᠪᠠᠶᠢᠴᠠᠭᠠᠨ ᠰᠤᠳᠤᠯᠵᠤ᠂ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠬᠡᠰᠢᠭᠦᠨ ᠪᠠ ᠬᠠᠷᠢᠯᠴᠠᠬᠤ ᠠᠵᠢᠯ ᠤᠨ ᠵᠥᠪᠯᠡᠯ ᠤᠨ ᠳᠡᠳ᠋ ᠡᠷᠬᠢᠯᠡᠭᠴᠢ ᠷᠧᠨ ᠺᠠᠩ ᠵᠢᠶᠧ᠂ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠭᠦᠸᠧ ᠬᠤᠸᠠ ᠨᠠᠷ ᠪᠠᠷ᠎ᠠ ᠪᠣᠯᠵᠣ ᠪᠠᠶᠢᠴᠠᠭᠠᠨ | ᠰᠤᠳᠤᠯᠤᠯᠲᠠ ᠬᠢᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠠᠤᠬᠠᠨ ᠤ ᠰᠣᠶᠣᠯ ᠲᠡᠦᠬᠡ ᠶᠢᠨ ᠣᠷᠳᠣᠨ | ᠂ ᠠᠤᠬᠠᠨ ᠤ ᠮᠦᠽᠧᠢ ᠳᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠠᠤᠬᠠᠨ ᠤ | ᠰᠣᠶᠣᠯ ᠲᠡᠦᠬᠡ ᠶᠢᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ | ᠰᠣᠨᠣᠰᠴᠠᠢ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠰᠣᠶᠣᠯ ᠲᠡᠤᠬᠡ ᠶᠢᠨ ᠣᠷᠳᠣᠨ ᠤ | ᠪᠥᠲᠥᠭᠡᠨ ᠪᠠᠶᠢᠭᠤᠯᠤᠯᠲᠠ ᠶᠢᠨ ᠠᠵᠢᠯ ᠢ ᠭᠦᠢᠴᠡᠳ ᠨᠤᠲᠠᠯᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠠᠴᠠ | ᠵᠢᠭᠠᠵᠤ ᠭᠠᠷᠭᠠᠭᠰᠠᠨ ᠨᠢ᠂ ᠠᠤᠬᠠᠨ ᠬᠤᠰᠢᠭᠤᠨ ᠤ ᠰᠣᠶᠣᠯ ᠲᠡᠦᠬᠡ ᠶᠢᠨ ᠣᠷᠳᠣᠨ ᠤ ᠪᠥᠲᠥᠭᠡᠨ | ᠪᠠᠶᠢᠭᠤᠯᠤᠯᠲᠠ ᠶᠢᠨ 8 ᠦᠵᠡᠭᠦᠯᠦᠯᠭᠡ ᠶᠢᠨ ᠲᠣᠭᠤᠷᠢᠭ ᠨᠢ ᠵᠢᠷᠤᠭ ᠪᠢᠴᠢᠭ᠂ ᠪᠣᠳᠠᠲᠤ ᠪᠣᠳᠠᠰ ᠵᠡᠷᠭᠡ ᠳᠡᠯᠭᠡᠨ | ᠦᠵᠡᠭᠦᠯᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ | ᠣᠯᠠᠨ ᠨᠠᠮ ᠤᠨ ᠬᠠᠮᠲᠤᠷᠠᠨ ᠠᠵᠢᠯᠯᠠᠬᠤ ᠪᠠ ᠤᠯᠤᠰ ᠲᠥᠷᠥ ᠶᠢᠨ ᠵᠥᠪᠯᠡᠯᠭᠡ ᠬᠢᠬᠦ ᠲᠦᠷᠢᠮ ᠤᠨ ᠦᠢᠯᠡᠳᠦᠯᠭᠡ ᠶᠢᠨ | ᠦᠷ᠎ᠡ ᠪᠦᠲᠦᠭᠡᠯ ᠢ ᠪᠠᠶᠠᠯᠢᠭᠵᠢᠭᠤᠯᠤᠨ ᠳᠡᠯᠭᠡᠨ ᠦᠵᠡᠭᠦᠯᠵᠦ᠂ ᠠᠤᠬᠠᠨ ᠬᠤᠰᠢᠭᠤᠨ ᠤ ᠬᠥᠮᠦᠨ ᠰᠣᠶᠣᠯ ᠤᠨ | ᠲᠡᠤᠬᠡ ᠪᠠ ᠣᠯᠠᠨ ᠦᠶ᠎ᠡ ᠶᠢᠨ ᠠᠤᠬᠠᠨ ᠤ ᠲᠡᠰᠪᠦᠷᠢ ᠬᠠᠲᠠᠭᠤᠵᠢᠯᠲᠠᠶ ᠲᠡᠮᠡᠴᠡᠬᠦ ᠶᠠᠪᠤᠴᠠ ᠶᠢ ᠭᠦᠢᠴᠡᠳ | ᠢᠯᠡᠷᠡᠭᠦᠯᠦᠭᠰᠡᠨ ᠪᠠᠶᠢᠨ᠎ᠠ ᠭᠡᠪᠡ᠃ | | ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠰᠣᠶᠣᠯ ᠲᠡᠦᠬᠡ ᠶᠢᠨ ᠮᠠᠲ᠋ᠧᠷᠢᠶᠠᠯ | ᠴᠤᠭᠯᠠᠭᠤᠯᠬᠤ ᠠᠵᠢᠯ ᠪᠣᠯ ᠨᠢᠭᠡ ᠵᠦᠢᠯ ᠤᠨ ᠡᠭᠦᠷᠭᠡᠲᠦ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠲᠠᠢ ᠠᠵᠢᠯ | ᠮᠥᠨ᠂ ᠠᠵᠢᠯ ᠤᠨ ᠳᠤᠮᠳᠠ ᠪᠠᠨ ᠦᠨᠡᠨ ᠠᠴᠠ ᠵᠥᠪ ᠢ ᠡᠷᠢᠬᠦ ᠵᠣᠷᠢᠭ ᠰᠠᠨᠠᠭ᠎ᠠ ᠪᠠᠷ ᠰᠣᠶᠣᠯ ᠲᠡᠦᠬᠡ ᠶᠢᠨ | ᠮᠠᠲ᠋ᠧᠷᠢᠶᠠᠯ ᠤᠨ ᠲᠡᠦᠬᠡᠲᠦ ᠴᠢᠨᠠᠷ᠂ ᠲᠥᠯᠥᠭᠡᠯᠡᠬᠦ ᠴᠢᠨᠠᠷ᠂ ᠤᠩᠰᠢᠵᠤ ᠪᠣᠯᠬᠤᠶᠢᠴᠠ ᠴᠢᠨᠠᠷ᠂ ᠤᠯᠠᠨ ᠶᠠᠩᠵᠤᠲᠤ | ᠴᠢᠨᠠᠷ ᠢ ᠦᠨᠡᠨ ᠬᠦ ᠪᠠᠲᠤᠯᠠᠵᠤ᠂ ᠲᠡᠦᠬᠡ ᠶᠢ ᠠᠭᠤᠳᠠᠯᠵᠤ ᠲᠠᠬᠢᠨ ᠨᠥᠬᠦᠪᠥᠷᠢᠯᠡᠬᠦ᠂ ᠰᠣᠶᠣᠯ ᠢ ᠠᠭᠤᠳᠠᠯᠵᠤ ᠲᠠᠬᠢᠨ | ᠡᠮᠬᠢᠯᠡᠬᠦ ᠶᠢ ᠪᠡᠶᠡᠯᠡᠭᠦᠯᠬᠦ ᠬᠡᠷᠡᠭᠲᠡᠢ︔ ᠰᠣᠶᠣᠯ ᠲᠡᠦᠬᠡ ᠶᠢᠨ ᠮᠠᠲ᠋ᠧᠷᠢᠶᠠᠯ ᠢ ᠨᠠᠶᠢᠷᠠᠭᠤᠯᠤᠨ ᠪᠢᠴᠢᠬᠦ ᠠᠵᠢᠯ ᠢ ᠴᠠᠭ | ᠦᠶ᠎ᠡ ᠲᠠᠢ ᠵᠡᠷᠭᠡ ᠪᠠᠷ ᠤᠷᠤᠭᠰᠢᠯᠠᠵᠤ᠂ ᠠᠷᠭ᠎ᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠠᠮᠢᠳᠤᠯᠢᠭ ᠤᠯᠠᠨ | ᠶᠠᠩᠵᠤ ᠶᠢᠨ ᠪᠠᠶᠢᠵᠤ᠂ ᠨᠡᠶᠢᠭᠡᠮ ᠤᠨ ᠬᠥᠭᠵᠢᠯᠲᠡ ᠶᠢ ᠲᠠᠭᠠᠯᠳᠤᠨ ᠬᠥᠭᠵᠢᠭᠦᠯᠬᠦ ᠪᠠᠷ ᠴᠢᠷᠮᠠᠶᠢᠬᠤ ᠬᠡᠷᠡᠭᠲᠡᠢ ᠭᠡᠪᠡ᠃ | ᠣᠶᠢᠯᠠᠭᠠᠭᠰᠠᠨ ᠢᠶᠠᠷ᠂ ᠠᠤᠬᠠᠨ ᠤ ᠰᠣᠶᠣᠯ ᠲᠡᠦᠬᠡ ᠶᠢᠨ ᠣᠷᠳᠣᠨ ᠢ 2023 ᠣᠨ ᠤ 7 ᠰᠠᠷ᠎ᠠ ᠳᠤ | ᠪᠠᠶᠢᠭᠤᠯᠵᠤ᠂ ᠦᠵᠡᠭᠦᠯᠦᠯᠭᠡ ᠶᠢᠨ ᠲᠠᠯᠠᠪᠠᠶ ᠨᠢ 1108 ᠲᠡᠭᠰᠢ ᠳᠥᠷᠪᠡᠯᠵᠢᠨ ᠮᠧᠲᠷ ᠪᠠᠶᠢᠵᠤ᠂ ᠨᠡᠶᠢᠲᠡ | 1000 ᠭᠠᠷᠤᠢ ᠭᠡᠷᠡᠯ ᠵᠢᠷᠤᠭ᠂ 100 ᠭᠠᠷᠤᠢ ᠪᠣᠳᠠᠲᠤ ᠪᠣᠳᠠᠰ ᠢ ᠳᠡᠯᠭᠡᠨ ᠦᠵᠡᠭᠦᠯᠪᠡ︔ ᠰᠣᠶᠣᠯ ᠲᠡᠦᠬᠡ ᠶᠢᠨ | ᠮᠠᠲ᠋ᠧᠷᠢᠶᠠᠯ ᠢ 2000 ᠭᠠᠷᠤᠢ ᠳᠡᠪᠲᠡᠷ᠂ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠢ300 ᠭᠠᠷᠤᠢ | ᠬᠠᠳᠠᠭᠠᠯᠠᠵᠤ᠂ ᠪᠤᠰᠤᠳ ᠬᠤᠪᠣᠷ ᠨᠠᠨᠳᠢᠨ ᠮᠠᠲ᠋ᠧᠷᠢᠶᠠᠯ ᠢ 2000 ᠭᠠᠷᠤᠢ ᠬᠤᠪᠢ ᠬᠤᠷᠢᠶᠠᠨ ᠬᠠᠳᠠᠭᠠᠯᠠᠵᠤ᠂ | ᠴᠤᠭᠯᠠᠭᠤᠯᠬᠤ᠂ ᠬᠠᠳᠠᠭᠠᠯᠠᠬᠤ᠂ ᠰᠤᠳᠤᠯᠬᠤ᠂ ᠳᠡᠯᠭᠡᠨ ᠦᠵᠡᠭᠦᠯᠬᠦ᠂ ᠰᠣᠯᠢᠯᠴᠠᠬᠤ ᠵᠡᠷᠭᠡ ᠴᠢᠳᠠᠮᠵᠢ ᠶᠢ ᠨᠢᠭᠡ | ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠰᠣᠶᠣᠯ ᠲᠡᠦᠬᠡ ᠶᠢᠨ ᠣᠷᠳᠣᠨ ᠪᠣᠯᠤᠭᠰᠠᠨ ᠪᠠᠶᠢᠨ᠎ᠠ᠃ | |