ᠪᠠᠶᠢᠰᠡ ᠶᠢᠨ ᠬᠤᠷᠢᠶ᠎ᠠ ᠪᠠᠯᠭᠠᠰᠤ᠄ ᠵᠠᠮ ᠤᠨ ᠳ᠋ᠧᠩ ᠢ ᠰᠡᠯᠪᠢᠨ ᠵᠠᠰᠠᠵᠤ ᠠᠷᠠᠳ ᠤᠨ ᠵᠣᠪᠠᠨᠢᠯ ᠢ ᠠᠷᠢᠯᠭᠠᠨ ᠠᠷᠠᠳ ᠲᠤ  ᠦᠢᠯᠡᠴᠢᠯᠡᠵᠦ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2023/9/11
     
   ᠥᠷᠭᠡᠨ ᠣᠯᠠᠨ ᠲᠦᠮᠡᠨ ᠤ ᠶᠠᠪᠤᠵᠤ ᠰᠠᠭᠤᠬᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠤ ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠵᠤ᠂ ᠣᠯᠠᠨ ᠲᠦᠮᠡᠨ ᠤ ᠵᠣᠯ ᠵᠢᠷᠭᠠᠯ ᠤᠨ ᠰᠡᠳᠬᠢᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ  ᠂ ᠣᠶᠢᠷ᠎ᠠ ᠳᠤ᠂ ᠪᠠᠶᠢᠰᠡ ᠶᠢᠨ ᠬᠤᠷᠢᠶ᠎ᠠ ᠪᠠᠯᠭᠠᠰᠤᠨ ᠤ ᠬᠤᠲᠠ ᠶᠢᠨ ᠬᠠᠮᠢᠶᠠᠷᠤᠯᠲᠠ ᠶᠢᠨ ᠠᠩᠭᠢ ᠵᠠᠮ ᠤᠨ ᠳ᠋ᠧᠩ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠬᠡᠮ ᠰᠣᠭᠤᠭ ᠢ ᠶᠡᠭᠡ ᠪᠠᠷ ᠪᠠᠶᠢᠴᠠᠭᠠᠬᠤ ᠪᠠ ᠬᠠᠮᠠᠭᠠᠯᠠᠵᠤ ᠰᠡᠯᠪᠢᠨ ᠵᠠᠰᠠᠬᠤ ᠠᠵᠢᠯ ᠢ ᠥᠷᠨᠢᠭᠦᠯᠪᠡ᠃    ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠳᠤᠮᠳᠠ᠂ ᠠᠵᠢᠯᠲᠠᠳ ︽ᠰᠥᠨᠢ ᠪᠠᠷ ᠲᠥᠪᠯᠡᠷᠡᠭᠦᠯᠦᠨ  ᠪᠠᠶᠢᠴᠠᠭᠠᠵᠤ + ᠡᠳᠦᠷ ᠢᠶᠠᠷ ᠲᠥᠪᠯᠡᠷᠡᠭᠦᠯᠦᠨ ᠵᠠᠰᠠᠬᠤ︾ ᠠᠵᠢᠯ ᠤᠨ ᠠᠷᠭ᠎ᠠ ᠮᠠᠶ᠋ᠢᠭ ᠢ ᠠᠪᠴᠤ᠂ ᠪᠠᠯᠭᠠᠰᠤᠨ ᠤ ᠲᠣᠭᠤᠷᠢᠭ ᠤᠨ ᠵᠠᠮ ᠤᠨ ᠳ᠋ᠧᠩ ᠢ ᠪᠠᠶᠢᠩᠭᠤᠵᠢᠭᠤᠯᠤᠨ ᠪᠦᠬᠦᠨ ᠢ ᠪᠦᠷᠬᠦᠭᠦᠯᠬᠦ ᠲᠣᠭᠤᠷᠢᠨ ᠪᠠᠶᠢᠴᠠᠭᠠᠯᠲᠠ ᠬᠢᠪᠠ᠃ ᠠᠵᠢᠯᠲᠠᠳ ᠰᠥᠨᠢ ᠪᠠᠷ ᠲᠣᠭᠤᠷᠢᠨ ᠪᠠᠶᠢᠴᠠᠭᠠᠵᠤ᠂ ᠵᠠᠮ ᠤᠨ ᠳ᠋ᠧᠩ ᠤᠨ  ᠠᠰᠠᠵᠤ ᠪᠠᠶᠢᠭ᠎ᠠ ᠪᠠᠶᠢᠳᠠᠯ ᠢ ᠴᠠᠭ ᠲᠤᠬᠠᠶ ᠳᠤᠨᠢ ᠬᠠᠷᠢᠭᠤ ᠲᠤᠰᠬᠠᠵᠤ᠂ ᠪᠠᠯᠭᠠᠰᠤ ᠲᠣᠭᠤᠷᠢᠭ ᠵᠡᠭᠡᠯᠢ ᠭᠤᠳᠤᠮᠵᠢ ᠶᠢᠨ ᠳ᠋ᠧᠩ ᠠᠰᠠᠭᠠᠭᠰᠠᠨ ᠨᠣᠷᠮ᠎ᠠ ᠶᠢ 98% ᠠᠴᠠ ᠳᠡᠭᠡᠭᠰᠢ ᠪᠠᠶᠢᠯᠭᠠᠬᠤ ᠶᠢ ᠦᠨᠡᠨ ᠬᠦ ᠪᠠᠲᠤᠯᠠᠪᠠ︔ ᠡᠳᠦᠷ ᠲᠤ ᠵᠢᠭᠰᠠᠭᠠᠨ ᠪᠠᠶᠢᠴᠠᠭᠠᠵᠤ ᠭᠠᠷᠭᠠᠭᠰᠠᠨ ᠠᠰᠠᠭᠤᠳᠠᠯ ᠲᠠᠢ ᠵᠠᠮ ᠤᠨ ᠳ᠋ᠧᠩ ᠢ ᠪᠠᠶᠢᠴᠠᠭᠠᠨ ᠵᠠᠰᠠᠵᠤ᠂ ᠵᠠᠮ ᠤᠨ ᠳ᠋ᠧᠩ ᠤᠨ ᠱᠤᠭᠤᠮ ᠤᠨ ᠠᠮᠤᠷ ᠲᠦᠪᠰᠢᠨ ᠢᠶᠠᠷ ᠠᠵᠢᠯᠯᠠᠬᠤ ᠶᠢ ᠪᠠᠲᠤᠯᠠᠨ᠂  ᠲᠦᠬᠦᠭᠡᠷᠦᠮᠵᠢ ᠶᠢᠨ ᠪᠦᠷᠢᠨ ᠪᠦᠲᠦᠨ ᠪᠠᠶᠢᠬᠤ ᠨᠣᠷᠮ᠎ᠠ ᠶᠢ 96% ᠠᠴᠠ ᠳᠡᠭᠡᠭᠰᠢ ᠳᠤ  ᠪᠠᠶᠢᠯᠭᠠᠪᠠ᠃ ᠡᠭᠦᠨ ᠤ ᠬᠠᠮᠲᠤ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠰᠠᠭᠤᠳᠠᠯ ᠢ ᠣᠯᠵᠤ ᠮᠡᠳᠡᠪᠡᠯ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ᠂ ᠬᠡᠷᠡᠭ ᠭᠠᠷᠬᠤ ᠠᠴᠠ ᠡᠮᠦᠨ᠎ᠡ ᠰᠡᠷᠭᠡᠶᠢᠯᠡᠬᠦ ᠬᠡᠷᠡᠭᠲᠡᠶ᠃    ᠣᠳᠣᠬᠠᠨ ᠳᠤ᠂ ᠪᠦᠷᠦᠶ ᠲᠠᠰᠤᠷᠠᠬᠤ ᠪᠦᠷᠢ ᠪᠠᠯᠭᠠᠰᠤ ᠶᠢᠨ ᠵᠡᠭᠡᠯᠢ ᠭᠤᠳᠤᠮᠵᠢ ᠶᠢᠨ ᠵᠠᠮ ᠤᠨ ᠳ᠋ᠧᠩ ᠵᠠᠯᠭᠠᠭ᠎ᠠ ᠪᠠᠷ ᠭᠡᠷᠡᠯᠲᠦᠵᠦ᠂ ᠵᠠᠮ ᠤᠨ ᠳ᠋ᠧᠩ ᠨᠢ ᠣᠯᠠᠨ ᠲᠦᠮᠡᠨ ᠤ ᠬᠡᠷ ᠲᠡᠭᠡᠨ ᠬᠠᠷᠢᠬᠤ ᠵᠠᠮ ᠢ ᠭᠡᠷᠡᠯᠲᠦᠭᠦᠯᠵᠦ ᠪᠠᠶᠢᠬᠤ ᠪᠠᠷ ᠪᠠᠷᠠᠬᠤ ᠥᠬᠡᠶ᠂ ᠨᠠᠩ ᠴᠤ ᠣᠯᠠᠨ ᠲᠦᠮᠡᠨ ᠤ ᠰᠡᠳᠬᠢᠯ ᠳᠠᠬᠢ ︽ᠬᠠᠨᠤᠮᠵᠢᠲᠠᠶ ᠳ᠋ᠧᠩ︾ ᠢ ᠭᠡᠷᠡᠯᠲᠦᠭᠦᠯᠵᠦ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠪᠠᠶᠢᠰᠡ ᠶᠢᠨ  ᠬᠤᠷᠢᠶ᠎ᠠ ᠪᠠᠯᠭᠠᠰᠤ ᠶᠢᠨ ᠬᠤᠳᠠ ᠶᠢᠨ ᠬᠠᠮᠢᠶᠠᠷᠤᠯᠲᠠ ᠶᠢᠨ ᠠᠩᠬᠢ ᠶᠢᠨ ᠬᠢᠨ ᠵᠠᠮ ᠤᠨ ᠳ᠋ᠧᠩ ᠤᠨ ᠲᠥᠬᠦᠭᠡᠷᠦᠮᠵᠢ ᠶᠢᠨ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠬᠠᠮᠠᠭᠠᠯᠠᠯᠲᠠ ᠶᠢᠨ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠰᠥᠨᠢ ᠪᠠᠷ ᠲᠣᠭᠤᠷᠢᠨ ᠪᠠᠶᠢᠴᠠᠭᠠᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠡᠳᠦᠷ ᠲᠤᠳᠤᠮ ᠤᠨ ᠭᠡᠮ ᠰᠣᠭᠤᠭ ᠢ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠪᠠᠯᠭᠠᠰᠤ ᠶᠢᠨ ᠲᠣᠭᠤᠷᠢᠭ ᠤᠨ ᠵᠠᠮ ᠤᠨ ᠳ᠋ᠧᠩ ᠤᠨ ᠲᠥᠬᠦᠭᠡᠷᠦᠮᠵᠢ ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠵᠤ᠂ ᠪᠠᠯᠭᠠᠰᠤ ᠶᠢᠨ ᠠᠷᠠᠳ ᠲᠤ ᠰᠥᠨᠢ ᠪᠠᠷ ᠠᠶᠠᠯᠠᠨ ᠶᠠᠪᠤᠬᠤ ᠭᠡᠭᠡᠨ ᠰᠠᠷᠠᠭᠤᠯ ᠠᠮᠤᠷ ᠲᠦᠪᠰᠢᠨ ᠣᠷᠴᠢᠨ ᠲᠣᠭᠤᠷᠢᠨ ᠢ ᠪᠤᠢ ᠪᠣᠯᠭᠠᠵᠤ ᠥᠭᠭᠦᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号