ᠠᠤᠬᠠᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠬᠠᠷᠢᠶᠠᠲᠤ ᠣᠷᠣᠨ ᠤ ᠠᠷᠢᠬᠢᠨ ᠦᠢᠯᠡᠳᠪᠦᠷᠢ ᠳᠤ ᠭᠦᠨᠵᠡᠭᠡᠶᠢᠷᠡᠨ ᠭᠠᠯ ᠤᠨᠲᠠᠷᠠᠭᠠᠬᠤ ᠠᠮᠤᠷ ᠲᠦᠪᠰᠢᠨ ᠤ ᠶᠡᠭᠡ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2023/9/11
   ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠠᠷᠢᠶᠠᠲᠤ ᠣᠷᠣᠨ ᠤ ᠭᠠᠯ ᠤᠨ ᠭᠠᠮᠰᠢᠭ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ 9 ᠰᠠᠷ᠎ᠠ ᠶᠢᠨ 9 ᠤ ᠡᠳᠦᠷ᠂ ᠶᠡᠭᠡ ᠠᠩᠭᠢ ᠶᠢᠨ ᠬᠢᠨ ᠬᠤᠸᠠ ᠬᠠᠶ ᠠᠷᠢᠬᠢᠨ ᠤ ᠦᠢᠯᠡᠰ ᠲᠤ ᠭᠦᠨᠵᠡᠭᠡᠶᠢᠷᠡᠨ ᠭᠠᠯ ᠤᠨᠲᠠᠷᠠᠭᠠᠬᠤ ᠠᠮᠤᠷ ᠲᠦᠪᠰᠢᠨ ᠤ ᠶᠡᠭᠡ ᠪᠠᠶᠢᠴᠠᠭᠠᠯᠲᠠ ᠶᠡᠭᠡ ᠴᠡᠭᠴᠡᠯᠡᠨ ᠵᠠᠰᠠᠬᠤ ᠠᠵᠢᠯ ᠢ ᠥᠷᠨᠢᠭᠦᠯᠪᠡ᠃    ᠶᠡᠭᠡ ᠠᠩᠭᠢ ᠶᠢᠨ ᠪᠠᠶᠢᠴᠠᠭᠠᠬᠤ ᠠᠵᠢᠯᠲᠠᠳ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠦᠢᠯᠡᠳᠪᠦᠷᠢᠯᠡᠯ ᠤᠨ ᠬᠡᠪᠴᠢᠶ᠎ᠡ᠂ ᠡᠳᠦᠷ ᠲᠤᠲᠤᠮ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠵᠡᠷᠭᠡ ᠦᠨᠳᠦᠰᠦᠨ ᠪᠠᠶᠢᠳᠠᠯ ᠤᠨ ᠲᠤᠬᠠᠶ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ᠦᠢᠯᠡᠳᠪᠦᠷᠢ ᠶᠢᠨ ᠲᠠᠰᠤᠭ ᠤᠨ ᠪᠥᠲᠥᠭᠡᠨ ᠪᠠᠶᠢᠭᠤᠯᠤᠯᠲᠠ ᠨᠢ ᠵᠢᠷᠤᠮᠵᠢᠯ ᠤᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠬᠦ ᠡᠰᠡᠬᠦ᠂ ᠲᠠᠷᠬᠠᠭᠠᠬᠤ ᠵᠠᠮ᠂ ᠠᠮᠤᠷ ᠲᠦᠪᠰᠢᠨ ᠭᠠᠷᠬᠤ ᠡᠭᠦᠳᠡ ᠵᠡᠷᠭᠡ ᠰᠠᠭᠠᠳ ᠥᠬᠡᠶ ᠨᠡᠪᠲᠡᠷᠡᠬᠦ ᠳᠤ ᠬᠠᠷᠰᠢ ᠰᠠᠭᠠᠳ ᠥᠬᠡᠶ ᠪᠠᠶᠢᠬᠤ ᠡᠰᠡᠬᠦ᠂ ᠭᠠᠯ ᠤᠨᠲᠠᠷᠠᠭᠠᠭᠤᠷ ᠵᠡᠷᠭᠡ ᠭᠠᠯ ᠤᠨᠲᠠᠷᠠᠭᠠᠬᠤ ᠲᠦᠬᠦᠭᠡᠷᠦᠮᠵᠢ᠂ ᠪᠠᠭᠠᠵᠢ ᠬᠡᠷᠡᠭᠰᠡᠯ ᠨᠢ ᠪᠦᠷᠢᠨ ᠪᠦᠲᠦᠨ ᠰᠠᠶᠢᠨ ᠪᠠᠶᠢᠬᠤ ᠡᠰᠡᠬᠦ᠂ ᠴᠠᠬᠢᠯᠭᠠᠨ ᠤᠲᠠᠰᠤ ᠵᠡᠷᠭᠡ ᠳᠤ ᠬᠤᠭᠤᠯᠠᠶ ᠭᠤᠣᠷᠰᠤ ᠳᠡᠪᠢᠰᠴᠦ ᠪᠠᠶᠢᠬᠤ ᠡᠰᠡᠬᠦ᠂ ᠠᠵᠢᠯᠯᠠᠵᠤ ᠪᠠᠶᠢᠭ᠎ᠠ ᠬᠥᠮᠦᠰ ᠤᠨ ︽ᠭᠤᠷᠪᠠ ᠶᠢ ᠣᠶᠢᠯᠠᠭᠠᠵᠤ  ᠭᠤᠷᠪᠠ ᠶᠢ ᠴᠢᠳᠠᠬᠤ︾᠂ ︽ᠳᠥᠷᠪᠡᠨ ᠴᠢᠳᠠᠪᠤᠷᠢ ︾ ᠵᠡᠷᠭᠡ ᠭᠠᠯ ᠤᠨᠲᠠᠷᠠᠭᠠᠬᠤ ᠠᠮᠤᠷ ᠲᠦᠪᠰᠢᠨ ᠤ ᠦᠨᠳᠦᠰᠦᠨ ᠮᠡᠳᠡᠯᠭᠡ ᠶᠢ ᠪᠣᠯᠪᠠᠰᠤᠷᠠᠩᠭᠤᠶ ᠡᠵᠡᠮᠰᠢᠭᠰᠡᠨ ᠡᠰᠡᠬᠦ ᠶᠢ ᠰᠤᠭᠤᠴᠢᠨ ᠪᠠᠶᠢᠴᠠᠭᠠᠪᠠ᠃    ᠶᠡᠭᠡ ᠠᠩᠭᠢ ᠶᠢᠨ ᠪᠠᠶᠢᠴᠠᠭᠠᠬᠤ ᠠᠵᠢᠯᠲᠠᠨ ᠪᠠᠶᠢᠴᠠᠭᠠᠵᠤ ᠢᠯᠡᠷᠡᠭᠦᠯᠦᠭᠰᠡᠨ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠭᠡᠮ ᠬᠢᠭᠡᠳ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠴᠢᠭᠯᠡᠭᠦᠯᠦᠨ ᠨᠢᠭᠡᠳ ᠨᠢᠭᠡ ᠪᠠᠷ ᠵᠢᠭᠰᠠᠭᠠᠬᠤ ᠶᠢᠨ ᠬᠠᠮᠲᠤ ᠴᠢᠬᠤᠯᠠᠴᠢᠯᠠᠭᠰᠠᠨ ᠨᠢ᠂ ᠨᠢᠭᠡ ᠳᠤ  ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠱᠠᠭᠠᠷᠳᠠᠯᠭ᠎ᠠ ᠲᠠᠢ ᠬᠠᠷᠢᠴᠠᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠪᠣᠯᠤᠨ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠵᠡᠷᠭᠡ ᠳᠤ ᠴᠠᠭ ᠲᠤᠬᠠᠶ ᠳᠤᠨᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠡᠵᠡᠩᠨᠡᠯᠲᠡ ᠶᠢᠨ ︽ᠬᠤᠷᠢᠭ᠎ᠠ ᠱᠤᠭᠤᠮ︾ ᠪᠣᠯᠤᠨ ︽ᠤᠯᠠᠭᠠᠨ ᠱᠤᠭᠤᠮ︾ ᠢ ᠦᠨᠡᠨᠬᠦ ᠰᠠᠬᠢᠵᠤ᠂ ᠭᠠᠯ ᠤᠨ ᠠᠶᠤᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ︔ ᠬᠤᠶᠠᠷ ᠲᠤ  ᠂ ᠭᠠᠯ ᠤᠨ ᠠᠶᠤᠯ ᠤᠨ ᠳᠠᠯᠳᠠ ᠭᠡᠮ ᠢ ᠴᠡᠭᠴᠡᠯᠡᠨ ᠰᠠᠶᠢᠵᠢᠷᠠᠭᠤᠯᠬᠤ ᠬᠡᠷᠡᠭᠵᠢᠭᠦᠯᠬᠦ ᠲᠥᠰᠦᠯ ᠢ ᠴᠠᠭ ᠲᠤᠬᠠᠶ ᠳᠤᠨᠢ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠣᠯᠤᠨ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠭᠠᠯ ᠤᠨ ᠠᠶᠤᠯ ᠤᠨ ᠳᠠᠯᠳᠠ ᠭᠡᠮ ᠢ ᠬᠤᠭᠤᠴᠠᠭ᠎ᠠ ᠶᠣᠰᠣᠭᠠᠷ ᠬᠦᠴᠦᠨ ᠦᠭᠡᠢ ᠪᠣᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ︔ ᠭᠤᠷᠪᠠ ᠳᠤ᠂ ᠤᠬᠠᠭᠤᠯᠭ᠎ᠠ ᠬᠥᠮᠦᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠠᠵᠤ ᠠᠬᠤᠶᠢᠯᠠᠯ ᠤᠳ ᠠᠵᠢᠯᠯᠠᠵᠤ ᠪᠠᠶᠢᠭ᠎ᠠ ᠬᠥᠮᠦᠰ ᠤᠨ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ  ᠭᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号