| ᠠᠤᠬᠠᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠴᠢᠨᠠᠷ ᠰᠠᠶᠢᠲᠠᠶ ᠠᠮᠤ ᠪᠤᠳᠠᠭᠠᠨ ᠤ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠬᠤ ᠠᠵᠠ ᠲᠣᠬᠢᠶᠠᠯ ᠢ ᠴᠢᠩᠭ᠎ᠠ ᠠᠳᠬᠤᠵᠤ᠂ | ᠠᠣᠬᠠᠨ ᠬᠤᠰᠢᠭᠤᠨ ᠳᠣᠲᠣᠷᠠᠬᠢ ᠠᠮᠤ ᠪᠤᠳᠠᠭᠠᠨ ᠤ ᠠᠵᠤ ᠠᠬᠤᠶᠢᠯᠠᠯ ᠢ ᠢᠳᠡᠪᠬᠢᠲᠡᠶ ᠪᠠᠷ ᠵᠣᠬᠢᠶᠠᠨ ᠪᠠᠶᠢᠭᠤᠯᠵᠤ | ᠭᠤᠶᠤᠴᠢᠯᠠᠨ ᠮᠡᠳᠡᠭᠦᠯᠦᠨ᠎ᠡ᠃ | ᠣᠳᠣᠬᠠᠨ ᠳᠤ᠂ ᠠᠤᠬᠠᠨ ᠬᠤᠰᠢᠭᠤᠨ ᠤ ᠪᠧᠢ ᠨᠦᠩ ᠠᠮᠤ ᠪᠤᠳᠠᠭᠠᠨ ᠤ ᠬᠥᠮᠥᠷᠭᠡ ᠶᠢᠨ ᠲᠠᠷᠢᠶᠠᠯᠠᠩ ᠤᠨ | ᠪᠦᠲᠦᠭᠡᠭᠳᠡᠬᠦᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠬᠢᠵᠠᠭᠠᠷᠲᠤ ᠺᠣᠮᠫᠠᠨᠢ ᠶᠢᠨ ᠮᠡᠳᠡᠭᠦᠯᠦᠭᠰᠡᠨ ︽ | ᠠᠮᠤ ᠪᠤᠳᠠᠭ᠎ᠠ ᠶᠢ ᠠᠷᠪᠢᠯᠠᠨ ᠬᠤᠬᠢᠷᠠᠯ ᠢ ᠪᠠᠭᠠᠰᠬᠠᠬᠤ ᠡᠷᠡᠭᠦᠯ ᠮᠡᠨᠳᠦ ᠶᠢᠨ ᠬᠡᠷᠡᠭᠯᠡᠭᠡ ᠶᠢ ᠳᠡᠭᠡᠭᠰᠢᠯᠡᠭᠦᠯᠬᠦ | ᠠᠵᠢᠯᠯᠠᠭ᠎ᠠ︾ ᠶᠢᠨ ᠲᠥᠷᠥᠯ ᠵᠦᠢᠯ ᠨᠢ ᠬᠤᠲᠠ᠂ ᠥᠪᠡᠷᠲᠡᠭᠡᠨ ᠵᠠᠰᠠᠬᠤ ᠣᠷᠣᠨ ᠤ ᠬᠤᠶᠠᠷ ᠱᠠᠲᠤᠨ ᠤ | ᠰᠢᠯᠭᠠᠷᠠᠭᠤᠯᠤᠯᠲᠠ ᠪᠠᠷ ᠳᠠᠮᠵᠢᠨ 195 ᠲᠦᠮᠡᠨ ᠲᠥᠭᠦᠷᠢᠭ ᠤᠨ ᠪᠠᠯᠠ ᠮᠥᠩᠭᠦ ᠶᠢᠨ ᠳᠡᠮᠵᠢᠯᠭᠡ ᠭᠥᠷᠳᠡᠪᠡ᠃ | ᠲᠥᠷᠥᠯ ᠵᠦᠢᠯ ᠢ ᠬᠡᠷᠡᠭᠵᠢᠭᠦᠯᠬᠦ ᠪᠠᠷ ᠳᠡᠮᠵᠢᠨ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠥᠷᠢᠰᠥᠯᠳᠦᠬᠦ | ᠬᠦᠴᠦᠨ ᠢ ᠨᠡᠮᠡᠭᠳᠡᠭᠦᠯᠵᠦ᠂ ᠪᠥᠬᠦ ᠬᠤᠰᠢᠭᠤᠨ ᠤ ᠠᠮᠤ ᠪᠤᠳᠠᠭᠠᠨ ᠤ ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠶᠢ | ᠠᠬᠢᠭᠤᠯᠬᠤ ᠳᠤ ᠬᠦᠴᠦᠨ ᠨᠡᠮᠡᠷᠢᠯᠡᠪᠡ᠃ |