ᠠᠣᠬᠠᠨ ᠬᠤᠰᠢᠭᠤᠨ ᠤ ᠴᠠᠬᠢᠯᠭᠠᠨ ᠬᠦᠴᠦᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ | ᠲᠦᠷᠦᠯ ᠵᠦᠢᠯ ᠤᠨ ᠠᠬᠢᠴᠠ ᠣᠷᠤᠭᠰᠢᠲᠠᠢ ᠪᠠᠶᠢᠨ᠎ᠠ | ᠠᠮᠤᠷ ᠲᠦᠪᠰᠢᠨ ᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠭᠤᠣᠯᠳᠠᠯᠭ᠎ᠠ ᠶᠢ ᠪᠠᠲᠤᠯᠠᠬᠤ ᠳᠤ | ᠴᠠᠬᠢᠯᠭᠠᠨ ᠬᠦᠴᠦ ᠨᠢ ᠰᠠᠭᠤᠭᠠᠯᠢ ᠠᠷᠠᠳ ᠤᠨ ᠠᠮᠢᠳᠤᠷᠠᠯ ᠪᠠ ᠠᠵᠤ ᠠᠬᠤᠶᠢᠯᠠᠯ ᠤᠨ ᠦᠢᠯᠡᠳᠪᠦᠷᠢᠯᠡᠯ ᠲᠠᠢ ᠨᠢᠭᠲᠠ | ᠬᠤᠯᠪᠣᠭ᠎ᠠ ᠲᠠᠢ ᠪᠠᠶᠢᠳᠠᠭ ᠪᠣᠯᠬᠤᠷ ᠲᠡᠭᠦᠨ ᠤ ᠴᠢᠬᠤᠯᠠ ᠴᠢᠨᠠᠷ ᠨᠢ ᠮᠡᠳᠡᠭᠡᠵᠢ ᠶᠢᠨ ᠬᠡᠷᠡᠭ ᠶᠤᠮ᠃ | ᠡᠨᠡ ᠵᠢᠯ᠂ ᠠᠣᠬᠠᠨ ᠬᠤᠰᠢᠭᠤ 1000 ᠲᠦᠮᠡᠨ ᠲᠥᠭᠦᠷᠢᠭ ᠠᠴᠠ ᠳᠡᠭᠡᠭᠰᠢ ᠴᠠᠬᠢᠯᠭᠠᠨ ᠬᠦᠴᠦᠨ ᠤ | ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ 5 ᠬᠡᠷᠡᠭᠵᠢᠭᠦᠯᠵᠦ᠂ ᠶᠡᠷᠦᠩᠬᠡᠶ | ᠪᠠᠯᠠ ᠣᠷᠣᠭᠤᠯᠤᠯᠲᠠ ᠨᠢ 2.3 ᠳ᠋ᠦᠩᠰᠢᠭᠤᠷ ᠲᠥᠭᠦᠷᠢᠭ ᠪᠠᠶᠢᠵᠤ᠂ 2023 ᠣᠨ ᠳᠤ 1 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ ᠣᠳᠣᠬᠠᠨ ᠳᠤ 5371 ᠲᠦᠮᠡᠨ | ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠲᠥᠷᠥᠯ ᠵᠦᠢᠯ ᠤᠨ ᠠᠬᠢᠴᠠ ᠤᠷᠤᠭᠰᠢᠲᠠᠶ ᠪᠠᠶᠢᠨ᠎ᠠ᠃ | ᠥᠪᠥᠷ ᠮᠣᠩᠭᠤᠯ ᠤᠨ ᠵᠡᠭᠦᠨ ᠬᠡᠰᠡᠭ ᠤᠨ ᠤᠯᠠᠭᠠᠨᠬᠠᠳᠠ ᠶᠢᠨ ᠠᠤᠬᠠᠨ ᠬᠤᠰᠢᠭᠤᠨ ᠤ ᠹᠧᠩ ᠱᠦᠶ ᠱᠠᠨ | ᠠᠭᠤᠯᠠᠨ ᠤ 66kV ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ᠂ ᠥᠪᠥᠷ ᠮᠣᠩᠭᠤᠯ ᠤᠨ ᠵᠡᠭᠦᠨ | ᠬᠡᠰᠡᠭ ᠤᠨ ᠤᠯᠠᠭᠠᠨᠬᠠᠳᠠ ᠶᠢᠨ ᠠᠤᠬᠠᠨ ᠬᠤᠰᠢᠭᠤᠨ ᠤ ᠶᠤᠸᠠᠨ ᠪᠣᠣ ᠸᠠ ᠶᠢᠨ 66kV ᠴᠠᠬᠢᠯᠭᠠᠨ ᠬᠦᠷᠭᠡᠬᠦ | ᠬᠦᠴᠦᠳᠡᠯ ᠥᠭᠡᠷᠡᠴᠢᠯᠡᠬᠦ ᠢᠨᠵᠧᠨᠧᠷᠢᠩ ᠵᠢᠴᠢ ᠥᠪᠥᠷ ᠮᠣᠩᠭᠤᠯ ᠤᠨ ᠵᠡᠭᠦᠨ ᠬᠡᠰᠡᠭ ᠤᠨ ᠤᠯᠠᠭᠠᠨᠬᠠᠳᠠ ᠶᠢᠨ | ᠠᠤᠬᠠᠨ ᠬᠤᠰᠢᠭᠤᠨ ᠤ ᠰᠢᠨ ᠾᠦᠢ — ᠠᠭᠤᠯᠵᠠᠷ ᠤᠨ 66kV ᠱᠤᠭᠤᠮ ᠤᠨ ᠥᠭᠡᠷᠡᠴᠢᠯᠡᠯᠲᠡ ᠶᠢᠨ | ᠢᠨᠵᠧᠨᠧᠷᠢᠩ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠪᠥᠬᠦ ᠬᠤᠰᠢᠭᠤᠨ ᠤ | ᠬᠦᠴᠦᠳᠡᠯ ᠥᠭᠡᠷᠡᠴᠢᠯᠡᠬᠦ ᠥᠷᠲᠡᠭᠡ ᠶᠢᠨ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠭᠤᠤᠯ | ᠲᠣᠤᠷ ᠤᠨ ᠪᠦᠲᠦᠴᠡ ᠶᠢ ᠰᠢᠯᠢᠳᠡᠭᠵᠢᠭᠦᠯᠵᠦ ᠂ ᠪᠥᠬᠦ ᠬᠤᠰᠢᠭᠤᠨ ᠤ ᠳᠤᠮᠳᠠ ᠪᠠ ᠵᠡᠭᠦᠨ ᠬᠡᠰᠡᠭ ᠤᠨ ᠭᠠᠵᠠᠷ | ᠣᠷᠣᠨ ᠤ ᠴᠠᠬᠢᠯᠭᠠᠨ ᠬᠠᠩᠭᠠᠬᠤ ᠴᠢᠳᠠᠪᠤᠷᠢ ᠬᠦᠷᠦᠯᠴᠡᠬᠦ ᠥᠬᠡᠶ ᠪᠠᠶᠢᠬᠤ ᠠᠰᠠᠭᠤᠳᠠᠯ ᠢ ᠰᠢᠢᠳᠪᠦᠷᠢᠯᠡᠵᠦ᠂ | ᠴᠠᠬᠢᠯᠭᠠᠨ ᠡᠨᠧᠷᠭᠢ ᠶᠢᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠦᠨ᠎ᠡ᠃ ᠤᠯᠤᠰ ᠤᠨ ᠴᠠᠬᠢᠯᠭᠠᠨ ᠲᠣᠣᠷ ᠤᠨ | ᠤᠯᠠᠭᠠᠨᠬᠠᠳᠠ ᠶᠢᠨ ᠠᠤᠬᠠᠨ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠶᠢᠨ 2023 ᠣᠨ ᠤ 10 ᠺᠢᠯᠣᠸᠠᠲ | ᠵᠢᠴᠢ ᠲᠡᠭᠦᠨ ᠠᠴᠠ ᠳᠣᠷᠣᠭᠰᠢᠬᠢ ᠬᠥᠳᠡᠭᠡ ᠲᠣᠰᠬᠤᠨ ᠤ ᠴᠠᠬᠢᠯᠭᠠᠨ ᠲᠣᠣᠷ ᠤᠨ ᠢᠨᠵᠧᠨᠧᠷᠢᠩ ᠵᠢᠴᠢ ᠠᠵᠤ | ᠦᠢᠯᠡᠰ ᠢ ᠥᠷᠭᠡᠳᠬᠡᠬᠦ ᠢᠨᠵᠧᠨᠧᠷᠢᠩ ᠵᠡᠷᠭᠡ ᠲᠥᠷᠥᠯ ᠵᠦᠢᠯ ᠠᠰᠢᠭᠯᠠᠯᠲᠠ ᠳᠤ ᠤᠷᠤᠭᠰᠠᠨ ᠤ ᠳᠠᠷᠠᠭ᠎ᠠ᠂ ᠠᠣᠬᠠᠨ | ᠬᠤᠰᠢᠭᠤᠨ ᠤ ᠴᠠᠬᠢᠯᠭᠠᠨ ᠲᠦᠭᠡᠭᠡᠬᠦ ᠲᠣᠤᠷ ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠴᠢᠩᠭᠠᠷᠠᠭᠤᠯᠵᠤ᠂ | ᠴᠠᠬᠢᠯᠭᠠᠨ ᠤ ᠲᠣᠤᠷ ᠤᠨ ᠴᠠᠬᠢᠯᠭᠠᠨ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠂ ᠠᠣᠬᠠᠨ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠠᠬᠢᠯᠭᠠᠨ ᠬᠦᠴᠦᠨ ᠤ | ᠪᠠᠲᠤᠯᠠᠭ᠎ᠠ ᠶᠢ ᠭᠦᠢᠴᠡᠳ ᠬᠠᠩᠭᠠᠬᠤ ᠶᠢᠨ ᠬᠠᠮᠲᠤ ᠰᠢᠨ᠎ᠡ ᠡᠨᠧᠷᠭᠢ ᠶᠢᠨ ᠬᠥᠭᠵᠢᠯᠲᠡ ᠪᠣᠯᠤᠨ ᠭᠤᠤᠯᠳᠠᠯᠭ᠎ᠠ ᠲᠠᠢ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠥᠷᠭᠡᠳᠬᠡᠬᠦ ᠵᠠᠮ ᠢ ᠤᠯᠠᠮ ᠨᠢᠭᠡ ᠠᠯᠬᠤᠮ ᠨᠡᠭᠡᠭᠡᠵᠦ᠂ ᠪᠥᠬᠦ | ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠪᠣᠯᠤᠨ ᠴᠢᠬᠤᠯᠠ ᠶᠡᠭᠡ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢᠨ ᠬᠡᠷᠡᠭᠴᠡᠭᠡ ᠶᠢ ᠬᠦᠴᠦᠲᠡᠶ ᠲᠤᠯᠭᠠᠭᠤᠷᠢᠯᠠᠬᠤ ᠶᠤᠮ᠃ |