ᠬᠠᠭᠤᠴᠢᠨ ᠬᠤᠲᠠ ᠲᠣᠭᠤᠷᠢᠭ ᠤᠨ ᠭᠠᠵᠠᠷ ᠳᠣᠤᠷᠠᠬᠢ ᠬᠤᠳᠠᠯᠳᠤᠭᠠᠨ ᠤ ᠵᠡᠭᠡᠯᠢ ᠶᠢᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠤᠷᠤᠭᠰᠢᠲᠠᠶ ᠶᠠᠪᠤᠭᠳᠠᠵᠤ ᠪᠣᠶ
ᠨᠡᠶᠢᠲᠡᠯᠡᠭᠰᠡᠨ ᠴᠠᠭ᠄
2023/9/12
     ᠠᠤᠬᠠᠨ ᠬᠤᠰᠢᠭᠤᠨ ᠤ ᠰᠢᠨ ᠾᠦᠢ ᠪᠠᠯᠭᠠᠰᠤᠨ ᠤ ᠬᠠᠭᠤᠴᠢᠨ ᠬᠤᠲᠠ ᠲᠣᠭᠤᠷᠢᠭ ᠤᠨ ᠭᠠᠵᠠᠷ ᠳᠣᠤᠷᠠᠬᠢ ᠬᠤᠳᠠᠯᠳᠤᠭᠠᠨ ᠤ ᠵᠡᠭᠡᠯᠢ ᠨᠢ ᠰᠢᠨ ᠾᠦᠢ ᠵᠠᠮ ᠪᠠ ᠰᠢᠨ ᠵᠥᠩ ᠵᠡᠭᠡᠯᠢ ᠳᠤ ᠪᠠᠶᠢᠷᠢᠯᠠᠵᠤ᠂ ᠲᠥᠷᠥᠯ  ᠵᠦᠢᠯ ᠢ ᠬᠤᠶᠠᠷ ᠬᠤᠭᠤᠴᠠᠭ᠎ᠠ ᠬᠤᠪᠢᠶᠠᠨ ᠪᠥᠲᠥᠭᠡᠨ ᠪᠠᠶᠢᠭᠤᠯᠵᠤ᠂ ᠨᠢᠭᠡᠳᠦᠭᠡᠷ ᠬᠤᠭᠤᠴᠠᠭ᠎ᠠ ᠶᠢ ᠨᠢ 2014 ᠣᠨ ᠳᠤ ᠠᠰᠢᠭᠯᠠᠯᠲᠠ ᠳᠤ ᠣᠷᠣᠭᠤᠯᠵᠤ᠂ ᠬᠤᠶᠠᠳᠤᠭᠠᠷ ᠬᠤᠭᠤᠴᠠᠭ᠎ᠠ ᠶᠢ ᠨᠢ 2023 ᠣᠨ ᠤ 8 ᠰᠠᠷ᠎ᠠ ᠠᠴᠠ ᠡᠬᠢᠯᠡᠵᠦ ᠪᠥᠲᠥᠭᠡᠨ ᠪᠠᠶᠢᠭᠤᠯᠪᠠ᠃ ᠲᠥᠷᠥᠯ ᠵᠦᠢᠯ ᠤᠨ ᠪᠥᠬᠦ ᠣᠷᠳᠣ ᠨᠢ 367 ᠮᠧᠲᠷ ᠪᠠᠶᠢᠵᠤ᠂ ᠵᠢᠷᠤᠭ ᠲᠥᠯᠥᠪᠯᠡᠭᠡ ᠬᠢᠭᠡᠳ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠵᠦ᠂ ᠣᠯᠠᠨ ᠴᠡᠭ ᠲᠤ ᠭᠠᠳᠠᠭᠰᠢ ᠭᠠᠷᠭᠠᠵᠤ᠂ ᠳᠥᠷᠪᠡᠨ ᠵᠦᠭ  ᠨᠠᠢᠮᠠᠨ ᠵᠣᠪᠬᠢᠰ ᠲᠤ ᠨᠡᠪᠲᠡᠷᠡᠨ᠂ ︽T︾ ᠥᠰᠥᠭ ᠤᠨ ᠬᠡᠯᠪᠡᠷᠢ ᠲᠠᠢ ᠭᠠᠵᠠᠷ ᠳᠣᠤᠷᠠᠬᠢ ᠬᠤᠲᠠ ᠶᠢᠨ ᠬᠤᠳᠠᠯᠳᠤᠭᠠᠨ ᠤ ᠵᠡᠭᠡᠯᠢ ᠶᠢ ᠪᠣᠶ ᠪᠣᠯᠭᠠᠵᠤ᠂ ᠭᠠᠵᠠᠷ ᠳᠡᠭᠡᠷᠡᠬᠢ ᠬᠤᠳᠠᠯᠳᠤᠭᠠᠨ ᠤ ᠵᠡᠭᠡᠯᠢ ᠲᠠᠢ ᠬᠠᠷᠢᠯᠴᠠᠨ  ᠬᠤᠯᠪᠤᠯᠳᠠᠵᠤ᠂ ᠬᠤᠲᠠ ᠶᠢᠨ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠪᠠ ᠴᠢᠨᠠᠷ ᠳᠡᠰ ᠢ ᠪᠦᠲᠦᠮᠵᠢᠲᠡᠶ ᠪᠠᠷ ᠳᠡᠭᠡᠭᠰᠢᠯᠡᠭᠦᠯᠦᠨ᠎ᠡ᠃    ᠪᠠᠷᠢᠯᠭ᠎ᠠ ᠶᠢᠨ ᠵᠦᠢᠯᠡᠰ ᠤᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢ ᠦᠨᠳᠦᠰᠦᠯᠡᠪᠡᠯ᠄ ︽ᠡᠨᠡᠬᠦ ᠪᠠᠷᠢᠯᠭ᠎ᠠ ᠶᠢ 8 ᠰᠠᠷ᠎ᠠ ᠶᠢᠨ 11 ᠤ ᠡᠳᠦᠷ ᠠᠴᠠ ᠡᠬᠢᠯᠡᠨ ᠬᠢᠵᠦ᠂ ᠣᠳᠣᠬᠠᠨ ᠳᠤ ᠶᠠᠭ ᠰᠠᠭᠤᠷᠢ ᠪᠠᠷᠢᠯᠭ᠎ᠠ ᠶᠢᠨ ᠠᠵᠢᠯ ᠤᠨ ᠬᠠᠨ᠎ᠠ ᠬᠠᠮᠠᠭᠠᠯᠠᠬᠤ ᠪᠠᠭᠠᠨ᠎ᠠ ᠪᠤᠰᠬᠠᠬᠤ ᠱᠠᠲᠤᠨ ᠳᠤ  ᠪᠠᠶᠢᠵᠤ ᠤᠷᠤᠭᠰᠢᠲᠠᠶ ᠶᠠᠪᠤᠭᠳᠠᠵᠤ ᠪᠠᠶᠢᠨ᠎ᠠ᠂ ᠪᠠᠷᠢᠯᠭ᠎ᠠ ᠶᠢ ᠪᠠᠶᠢᠭᠤᠯᠵᠤ ᠳᠠᠭᠤᠰᠤᠭᠰᠠᠨ ᠤ ᠲᠠᠷᠠᠭ᠎ᠠ ᠨᠢᠭᠡ ᠬᠡᠰᠡᠭ ᠬᠥᠮᠦᠨ ᠪᠠ ᠲᠡᠷᠭᠡ ᠶᠢ ᠰᠠᠯᠭᠠᠬᠤ ᠶᠢ ᠪᠡᠶᠡᠯᠡᠭᠦᠯᠵᠦ᠂ ᠵᠠᠮ ᠬᠠᠷᠢᠯᠴᠠᠭᠠᠨ ᠤ ᠳᠠᠷᠤᠯᠲᠠ ᠶᠢ ᠨᠡᠯᠢᠶᠡᠳ ᠶᠡᠭᠡ ᠬᠡᠮᠵᠢᠶ᠎ᠡ ᠪᠠᠷ ᠬᠥᠩᠭᠡᠷᠡᠭᠦᠯᠵᠦ ᠪᠣᠯᠤᠨ᠎ᠠ︾ ᠭᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号