ᠠᠤᠬᠠᠨ ᠬᠤᠰᠢᠭᠤ᠄ ᠠᠷᠠᠳ ᠤᠨ ᠠᠮᠢᠳᠤᠷᠠᠯ ᠤᠨ ᠦᠨᠳᠦᠰᠦᠨ ᠵᠦᠢᠯ ᠢ ᠪᠠᠲᠤᠯᠠᠬᠤ ᠶᠢ ᠴᠢᠩᠭᠠᠳᠬᠠᠵᠤ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠰᠠᠶᠢᠲᠤᠷ  ᠪᠠᠲᠤᠯᠠᠨ᠎ᠠ
ᠨᠡᠶᠢᠲᠡᠯᠡᠭᠰᠡᠨ ᠴᠠᠭ᠄
2023/9/12
   ᠠᠤᠬᠠᠨ ᠬᠤᠰᠢᠭᠤᠨ ᠤ ᠬᠢᠨ ᠨᠡᠶᠢᠭᠡᠮ ᠤᠨ ᠠᠪᠤᠷᠠᠨ ᠲᠤᠰᠠᠯᠠᠬᠤ ᠲᠦᠷᠢᠮ ᠤᠨ ᠰᠠᠭᠤᠷᠢ ᠴᠢᠨᠠᠷᠲᠠᠶ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠶ ᠴᠢᠳᠠᠮᠵᠢ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠯᠲᠠ᠂ ᠲᠤᠰᠬᠠᠶ ᠵᠦᠢᠯ ᠤᠨ ᠨᠡᠶᠢᠭᠡᠮ ᠤᠨ ᠠᠪᠤᠷᠠᠨ ᠲᠤᠰᠠᠯᠠᠯᠲᠠ᠂ ᠪᠠᠴᠢᠮ ᠪᠡᠷᠬᠡ ᠨᠡᠶᠢᠭᠡᠮ ᠤᠨ ᠠᠪᠤᠷᠠᠨ ᠲᠤᠰᠠᠯᠠᠯᠲᠠ ᠪᠠᠷ ᠭᠤᠤᠯ ᠴᠣᠭᠴᠠ ᠪᠣᠯᠭᠠᠵᠤ᠂ ᠨᠡᠶᠢᠭᠡᠮ ᠤᠨ ᠬᠦᠴᠦᠨ ᠬᠠᠮᠲᠤ ᠪᠠᠷ ᠣᠷᠣᠯᠴᠠᠬᠤ ᠪᠠᠷ ᠨᠥᠬᠦᠪᠥᠷᠢ ᠪᠣᠯᠭᠠᠵᠤ᠂ ᠲᠠᠰ ᠳᠠᠪᠬᠤᠷᠭ᠎ᠠ ᠲᠥᠷᠥᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠦ᠂ ᠠᠷᠠᠳ ᠤᠨ ᠠᠮᠢᠳᠤᠷᠠᠯ ᠤᠨ ᠦᠨᠳᠦᠰᠦᠨ ᠵᠦᠢᠯ ᠢ ᠪᠠᠲᠤᠯᠠᠬᠤ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠠᠷᠠᠳ ᠣᠯᠠᠨ ᠤ ︽ᠲᠣᠭᠲᠠᠭᠤᠨ ᠵᠣᠯ ᠵᠢᠷᠭᠠᠯ︾ ᠢ ᠪᠠᠲᠤᠯᠠᠭᠰᠠᠭᠠᠷ ᠢᠷᠡᠵᠡᠶ᠃    ᠠᠪᠤᠷᠠᠨ ᠲᠤᠰᠠᠯᠠᠬᠤ ᠡᠷᠴᠢᠮ ᠢᠶᠠᠨ ᠴᠢᠩᠭᠠᠷᠠᠭᠤᠯᠵᠤ  ᠂ ︽ᠦᠨᠳᠦᠰᠦᠨ  ᠵᠦᠢᠯ ᠢ ᠪᠠᠲᠤᠯᠠᠬᠤ︾ ᠶᠢ ᠦᠨᠡᠨᠬᠦ  ᠪᠡᠶᠡᠯᠡᠭᠦᠯᠦᠨ᠎ᠡ᠃ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠠᠷ ᠬᠦᠴᠦᠯᠡᠬᠦ ᠴᠡᠭ ᠪᠣᠯᠭᠠᠵᠤ᠂ ︽ᠪᠣᠳᠠᠰ + ᠦᠢᠯᠡᠴᠢᠯᠡᠭᠡ︾ ᠶᠢᠨ ᠶᠡᠷᠦᠩᠬᠡᠶᠢᠯᠡᠭᠰᠡᠨ ᠬᠡᠯᠪᠡᠷᠢ ᠶᠢᠨ ᠠᠪᠤᠷᠠᠨ ᠲᠤᠰᠠᠯᠠᠬᠤ ᠠᠷᠭ᠎ᠠ ᠮᠠᠶ᠋ᠢᠭ ᠢ ᠨᠢᠭᠡᠳᠦᠯᠲᠡᠶ ᠲᠥᠯᠥᠪᠯᠡᠨ ᠬᠡᠷᠡᠭᠯᠡᠨ᠎ᠡ᠃ ᠡᠭᠦᠨ ᠤ ᠬᠠᠮᠲᠤ᠂ ᠨᠡᠶᠢᠭᠡᠮ ᠤᠨ ᠠᠪᠤᠷᠠᠨ ᠲᠤᠰᠠᠯᠠᠬᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠨᠡᠶᠢᠭᠡᠮ ᠤᠨ ᠠᠪᠤᠷᠠᠨ ᠲᠤᠰᠠᠯᠠᠬᠤ ᠬᠦᠷᠢᠶᠡᠨ ᠳᠠᠬᠢ ᠣᠯᠠᠨ ᠲᠦᠮᠡᠨ ᠤ ᠳᠡᠷᠭᠡᠳᠡᠬᠢ ᠢᠯᠵᠠᠷᠠᠯ ᠪᠠ ᠰᠤᠷᠲᠠᠯ ᠤᠨ ᠠᠰᠠᠭᠤᠳᠠᠯ ᠢ ᠶᠡᠷᠦᠩᠬᠡᠶᠢᠯᠡᠨ ᠵᠠᠰᠠᠬᠤ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠪᠤᠷᠠᠨ ᠲᠤᠰᠠᠯᠠᠬᠤ ᠨᠥᠬᠦᠪᠥᠷᠢ ᠶᠢᠨ ᠪᠠᠯᠠ ᠮᠥᠩᠭᠦ ᠶᠢ ᠴᠠᠭ ᠲᠤᠬᠠᠶ ᠳᠤᠨᠢ ᠰᠠᠷ᠎ᠠ ᠰᠠᠷ᠎ᠠ ᠪᠠᠷ ᠬᠦᠴᠢᠷᠳᠡᠯᠲᠡᠶ ᠣᠯᠠᠨ ᠲᠦᠮᠡᠨ ᠳᠤ ᠲᠦᠭᠡᠭᠡᠨ ᠥᠭᠬᠦ ᠶᠢ ᠦᠨᠡᠨ ᠬᠦ ᠪᠠᠲᠤᠯᠠᠵᠤ᠂ ᠨᠡᠶᠢᠭᠡᠮ ᠤᠨ ᠪᠠᠲᠤᠯᠠᠭ᠎ᠠ ᠶᠢᠨ ᠠᠮᠤᠷ ᠲᠦᠪᠰᠢᠨ ᠤ ᠲᠣᠤᠷ ᠢ ᠨᠢᠭᠲᠠ ᠰᠦᠯᠵᠢᠵᠦ᠂ ᠠᠷᠠᠳ ᠲᠦᠮᠡᠨ ᠤ ᠠᠮᠢᠳᠤᠷᠠᠯ ᠤᠨ ᠠᠮᠤᠷ ᠠᠮᠤᠭᠤᠯᠠᠩ ᠤᠨ ᠰᠠᠭᠤᠷᠢ ᠶᠢ  ᠪᠠᠲᠤᠯᠠᠨ᠎ᠠ᠃ 2023 ᠣᠨ ᠤ ᠭᠤᠷᠪᠠᠳᠤᠭᠠᠷ ᠤᠯᠠᠷᠢᠯ ᠪᠣᠯᠲᠠᠯ᠎ᠠ᠂ ᠡᠯ᠎ᠡ ᠵᠦᠢᠯ ᠤᠨ ᠠᠪᠤᠷᠠᠨ ᠲᠤᠰᠠᠯᠠᠬᠤ ᠪᠠᠯᠠ ᠮᠥᠩᠭᠦ ᠶᠢ ᠨᠢᠭᠡᠨᠲᠡ ᠪᠦᠬᠦᠨ ᠢ ᠲᠠᠷᠬᠠᠭᠠᠵᠤ᠂ ᠪᠥᠬᠦ ᠬᠤᠰᠢᠭᠤᠨ ᠳᠤ ᠨᠡᠶᠢᠲᠡ 41855 ᠬᠥᠮᠦᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠥᠷᠳᠡᠵᠦ᠂ 1.02 ᠳ᠋ᠦᠩᠰᠢᠭᠤᠷ ᠲᠥᠭᠦᠷᠢᠭ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠯᠠ ᠮᠥᠩᠭᠦ ᠶᠢ ᠲᠠᠷᠬᠠᠭᠠᠪᠠ︔ 3180 ᠣᠨᠴᠠ ᠬᠦᠴᠢᠷᠳᠡᠯᠲᠡᠶ ᠠᠰᠠᠷᠠᠨ ᠲᠡᠵᠢᠭᠡᠵᠦ ᠪᠠᠶᠢᠭ᠎ᠠ ᠬᠥᠮᠦᠰ ᠲᠤ 2304.84 ᠲᠦᠮᠡᠨ ᠲᠥᠭᠦᠷᠢᠭ ᠤᠨ ᠠᠰᠠᠷᠠᠨ ᠲᠡᠵᠢᠭᠡᠬᠦ ᠪᠠᠯᠠ ᠮᠥᠩᠭᠦ ᠣᠯᠭᠤᠪᠠ︔ 550 ᠬᠥᠮᠦᠨ ᠢ ᠲᠦᠷ ᠴᠠᠭ ᠠᠪᠤᠷᠠᠨ ᠲᠤᠰᠠᠯᠠᠵᠤ᠂ 222.32 ᠲᠦᠮᠡᠨ ᠲᠥᠭᠦᠷᠢᠭ ᠤᠨ ᠲᠦᠷ ᠴᠠᠭ ᠤᠨ ᠠᠪᠤᠷᠠᠨ ᠲᠤᠰᠠᠯᠠᠯᠲᠠ ᠶᠢᠨ ᠮᠥᠩᠭᠦ ᠲᠠᠷᠬᠠᠭᠠᠪᠠ᠃    ᠤᠯᠠᠮ ᠨᠢᠭᠡ ᠠᠯᠬᠤᠮ ᠬᠦᠷᠢᠶ᠎ᠡ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠵᠦ  ᠂ ︽ᠰᠠᠭᠤᠷᠢ ᠶᠢ ᠰᠠᠶᠢᠲᠤᠷ ᠪᠠᠲᠤᠯᠠᠬᠤ︾ ᠶᠢ ᠪᠡᠶᠡᠯᠡᠭᠦᠯᠦᠨ᠎ᠡ᠃ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠴᠢᠩᠭᠠᠳᠬᠠᠵᠤ᠂ ᠡᠯ᠎ᠡ ᠲᠦᠷᠦᠯ ᠤᠨ ᠠᠪᠤᠷᠠᠨ ᠲᠤᠰᠠᠯᠠᠬᠤ ᠡᠲᠡᠭᠡᠳ ᠤᠨ ᠬᠡᠪᠴᠢᠶ᠎ᠡ ᠶᠢ 2023 ᠣᠨ ᠳᠤ ᠬᠤᠲᠠ ᠪᠠᠯᠭᠠᠰᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ 788 ᠲᠥᠭᠦᠷᠢᠭ / ᠰᠠᠷ᠎ᠠ ᠳᠤ ᠬᠦᠷᠲᠡᠯ᠎ᠡ ᠳᠡᠭᠡᠭᠰᠢᠯᠡᠭᠦᠯᠵᠦ᠂ ᠲᠦᠷᠦᠭᠦᠤ ᠵᠢᠯ ᠤᠨ ᠰᠠᠷ᠎ᠠ ᠪᠦᠷᠢ ᠶᠢᠨ ᠬᠢ ᠠᠴᠠ 5 ᠲᠥᠭᠦᠷᠢᠭ ᠨᠡᠮᠡᠭᠳᠡᠭᠦᠯᠪᠡ᠃ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ 6648 ᠲᠥᠭᠦᠷᠢᠭ / ᠵᠢᠯ ᠳᠤ ᠬᠦᠷᠲᠡᠯ᠎ᠡ ᠳᠡᠭᠡᠭᠰᠢᠯᠡᠭᠦᠯᠵᠦ᠂ ᠳᠡᠭᠡᠷ᠎ᠡ ᠵᠢᠯ ᠤᠨ ᠬᠢ ᠠᠴᠠ 576 ᠲᠥᠭᠦᠷᠢᠭ ᠨᠡᠮᠡᠭᠳᠡᠭᠦᠯᠪᠡ᠃ ᠬᠤᠲᠠ ᠶᠢᠨ ᠣᠨᠴᠠ ᠬᠦᠴᠢᠷᠳᠡᠯᠲᠡᠶ ᠠᠰᠠᠷᠠᠨ ᠲᠡᠵᠢᠭᠡᠵᠦ ᠪᠠᠶᠢᠭ᠎ᠠ ᠬᠥᠮᠦᠰ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠬᠥᠮᠦᠨ ᠪᠦᠷᠢ ᠰᠠᠷ᠎ᠠ ᠳᠤ 1038 ᠲᠥᠭᠦᠷᠢᠭ ᠪᠣᠯᠭᠠᠵᠤ᠂ ᠳᠡᠭᠡᠷ᠎ᠡ ᠵᠢᠯ ᠤᠨ ᠬᠢ ᠠᠴᠠ ᠰᠠᠷ᠎ᠠ ᠪᠦᠷᠢ 20 ᠲᠥᠭᠦᠷᠢᠭ ᠨᠡᠮᠡᠭᠳᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠨᠴᠠ ᠬᠦᠴᠢᠷᠳᠡᠯᠲᠡᠶ ᠬᠥᠮᠦᠰ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠬᠥᠮᠦᠨ ᠪᠦᠷᠢ ᠵᠢᠯ ᠳᠤ 9000 ᠲᠥᠭᠦᠷᠢᠭ ᠪᠣᠯᠭᠠᠵᠤ᠂ ᠳᠡᠭᠡᠷ᠎ᠡ ᠵᠢᠯ ᠤᠨ ᠬᠢ ᠠᠴᠠ 300 ᠲᠥᠭᠦᠷᠢᠭ  ᠨᠡᠮᠡᠭᠳᠡᠭᠦᠯᠪᠡ᠃ 2023 ᠣᠨ ᠤ 1 — 8 ᠰᠠᠷ᠎ᠠ ᠳᠤ ᠪᠦᠭᠦ ᠬᠤᠰᠢᠭᠤᠨ ᠤ ᠰᠢᠨ᠎ᠡ ᠪᠠᠷ ᠨᠡᠮᠡᠭᠳᠡᠭᠰᠡᠨ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠥᠮᠦᠨ 1229 ᠪᠣᠯᠪᠠ᠃ ᠣᠨᠴᠠᠭᠠᠢ ᠪᠠᠶᠢᠳᠠᠯ ᠳᠤ ᠴᠢᠭᠯᠡᠭᠦᠯᠦᠨ᠂ ︽ᠨᠢᠭᠡ ᠬᠡᠷᠡᠭ ᠢ ᠨᠢᠭᠡ ᠵᠥᠪᠯᠡᠬᠦ︾ ᠪᠠᠷ ᠳᠠᠮᠵᠢᠭᠤᠯᠤᠨ ᠠᠪᠤᠷᠠᠨ ᠲᠤᠰᠠᠯᠠᠬᠤ ᠵᠣᠭᠤᠰ ᠤᠨ ᠲᠤᠭ᠎ᠠ ᠶᠢ ᠤᠯᠠᠮ ᠨᠢᠭᠡ ᠠᠯᠬᠤᠮ  ᠳᠡᠭᠡᠭᠰᠢᠯᠡᠭᠦᠯᠪᠡ᠃    ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ ᠶᠢ ᠳᠡᠭᠡᠭᠰᠢᠯᠡᠭᠦᠯᠵᠦ᠂ ︽ᠦᠨᠳᠦᠰᠦᠨ ᠪᠠᠶᠢᠳᠠᠯ ᠢ ᠪᠠᠲᠤᠯᠠᠬᠤ︾ ᠶᠢ ᠪᠡᠶᠡᠯᠡᠭᠦᠯᠦᠨ᠎ᠡ᠃ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ᠂ ᠣᠨᠣᠪᠴᠢᠲᠠᠶ ᠪᠠᠶᠢᠯᠭᠠᠬᠤ ᠶᠢ ᠪᠠᠲᠤᠯᠠᠬᠤ ᠶᠢᠨ ᠲᠤᠰᠠᠳᠠ᠂ ᠠᠤᠬᠠᠨ ᠬᠤᠰᠢᠭᠤᠨ ᠤ ᠠᠪᠤᠷᠠᠨ ᠲᠤᠰᠠᠯᠠᠬᠤ ᠮᠡᠳᠡᠭᠡ ᠵᠠᠩᠭᠢ ᠶᠢᠨ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠲᠠᠰ ᠳᠠᠷᠠᠭᠠᠯᠠᠯ ᠢ ᠰᠢᠯᠢᠳᠡᠭᠵᠢᠭᠦᠯᠦᠨ ᠳᠥᠭᠦᠮᠴᠢᠯᠡᠵᠦ᠂ ᠬᠡᠷᠡᠭᠴᠡᠭᠡ ᠪᠠᠨ ᠦᠨᠳᠦᠰᠦᠯᠡᠨ ᠴᠢᠭᠯᠡᠭᠦᠯᠬᠦ ᠴᠢᠨᠠᠷᠲᠠᠶ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠪᠡ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠲᠥᠷᠥ ᠶᠢᠨ ᠪᠣᠳᠣᠯᠭ᠎ᠠ ᠶᠢ ᠨᠠᠷᠢᠯᠢᠭ  ᠣᠨᠤᠪᠴᠢᠲᠠᠢ ᠪᠠᠷ ᠬᠡᠷᠡᠭᠵᠢᠭᠦᠯᠵᠦ᠂ ︽ᠲᠦᠷ ᠴᠠᠭ ᠤᠨ ᠲᠡᠩᠬᠡᠷᠡᠭᠦᠯᠦᠨ ᠲᠤᠰᠠᠯᠠᠬᠤ ᠪᠡᠯᠡᠳᠬᠡᠯ ᠮᠥᠩᠭᠦ︾ ︽ᠤᠷᠢᠳᠠᠪᠠᠷ ᠲᠡᠩᠬᠡᠷᠡᠭᠦᠯᠦᠨ ᠲᠤᠰᠠᠯᠠᠬᠤ︾ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠦᠨ᠎ᠡ ᠬᠠᠩᠰᠢ ᠶᠢᠨ ᠨᠥᠬᠦᠪᠥᠷᠢ ᠶᠢ ᠱᠠᠲᠤ ᠦᠶ᠎ᠡ ᠶᠢᠨ ᠴᠢᠨᠠᠷᠲᠠᠶ ᠪᠠᠷ ᠳᠣᠭᠢᠷᠠᠭᠤᠯᠬᠤ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠦᠷᠭᠦᠯᠵᠢᠯᠡᠨ ᠨᠠᠶᠢᠳᠠᠪᠤᠷᠢᠵᠢᠭᠤᠯᠪᠠ᠃ ᠠᠪᠤᠷᠠᠨ ᠲᠤᠰᠠᠯᠠᠬᠤ ᠬᠦᠷᠢᠶ᠎ᠡ ᠴᠠᠷᠠᠭ᠎ᠠ ᠶᠢᠨ ︽ ᠲᠠᠯᠪᠢᠬᠤ ᠬᠠᠮᠢᠶᠠᠷᠬᠤ  ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠠᠵᠢᠯ ᠤᠨ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠬᠡᠷᠡᠭ  ᠭᠦᠢᠴᠡᠳᠬᠡᠬᠦ ᠮᠠᠲ᠋ᠧᠷᠢᠶᠠᠯ ᠢ ᠴᠣᠮᠬᠠᠳᠬᠠᠵᠤ᠂  ᠭᠦᠢᠴᠡᠳᠬᠡᠬᠦ ᠴᠠᠭ ᠤᠨ ᠬᠢᠵᠠᠭᠠᠷ ᠢ  ᠪᠠᠭᠠᠰᠬᠠᠪᠠ᠃ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ ᠲᠣᠭᠲᠠᠴᠠ ᠶᠢ ᠪᠠᠶᠢᠭᠤᠯᠵᠤ᠂ ᠬᠦᠴᠢᠷᠳᠡᠯᠲᠡᠶ ᠣᠯᠠᠨ ᠲᠦᠮᠡᠨ ᠤ ︽ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠵᠤ᠂ ᠠᠪᠤᠷᠠᠪᠠᠰᠤ ᠵᠣᠬᠢᠬᠤ ᠶᠢ ᠨᠢ ᠪᠦᠬᠦᠨ ᠢ ᠠᠪᠤᠷᠠᠵᠤ᠂ ᠬᠠᠪᠰᠤᠷᠪᠠᠰᠤ ᠵᠣᠬᠢᠬᠤ ᠶᠢ ᠨᠢ ᠪᠦᠬᠦᠨ ᠢ ᠬᠠᠪᠰᠤᠷᠬᠤ︾ ᠶᠢ ᠦᠨᠡᠨᠬᠦ  ᠪᠠᠲᠤᠯᠠᠪᠠ᠃    ᠲᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤ ᠠᠷᠠᠳ ᠲᠦᠮᠡᠨ ᠤ  ᠵᠤᠯ ᠵᠢᠷᠭᠠᠯ ᠢ ᠨᠡᠮᠡᠭᠳᠡᠭᠦᠯᠬᠦ ᠪᠠᠷ ᠵᠣᠷᠢᠯᠲᠠ ᠪᠠ ᠲᠤᠰᠤᠯᠲᠠ ᠪᠠᠨ ᠪᠣᠯᠭᠠᠵᠤ᠂ ᠠᠳᠠᠯᠢ ᠪᠤᠰᠤ ᠣᠨᠴᠠᠭᠠᠶ ᠬᠦᠴᠢᠷᠳᠡᠯᠲᠡᠶ ᠣᠯᠠᠨ ᠲᠦᠮᠡᠨ ᠳᠤ ᠴᠢᠭᠯᠡᠭᠦᠯᠦᠨ ᠲᠥᠷᠥᠯ ᠬᠤᠪᠢᠶᠠᠵᠤ᠂ ᠨᠠᠷᠢᠨ ᠣᠨᠣᠪᠴᠢᠲᠠᠶ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠦᠴᠢᠷᠳᠡᠯᠲᠡᠶ ᠣᠯᠠᠨ ᠲᠦᠮᠡᠨ ᠤ  ᠦᠨᠳᠦᠰᠦᠨ ᠵᠦᠢᠯ ᠢ ᠪᠠᠲᠤᠯᠠᠬᠤ᠂ ᠰᠠᠭᠤᠷᠢ ᠶᠢ ᠪᠠᠲᠤᠯᠠᠬᠤ᠂  ᠦᠨᠳᠦᠰᠦᠨ ᠪᠠᠶᠢᠳᠠᠯ ᠢ ᠪᠠᠲᠤᠯᠠᠬᠤ ᠶᠢ ᠦᠨᠡᠨ ᠬᠦ ᠪᠡᠶᠡᠯᠡᠭᠦᠯᠵᠦ᠂ ᠬᠦᠴᠢᠷᠳᠡᠯᠲᠡᠶ ᠣᠯᠠᠨ ᠲᠦᠮᠡᠨ ᠤ  ᠦᠢᠯᠡᠴᠢᠯᠡᠭᠡ ᠪᠠᠲᠤᠯᠠᠭ᠎ᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠠᠷᠠᠳ ᠣᠯᠠᠨ ᠤ ᠵᠣᠯ ᠵᠢᠷᠭᠠᠯᠲᠤ ᠲᠥᠷᠥᠭᠳᠡᠯ ᠢ ᠨᠠᠩ ᠦᠷᠭᠦᠯᠵᠢᠯᠡᠭᠦᠯᠵᠦ᠂ ᠠᠮᠤᠷ ᠲᠦᠪᠰᠢᠨ ᠤ ᠲᠥᠷᠥᠭᠳᠡᠯ ᠢ ᠨᠠᠩ ᠪᠠᠲᠤᠯᠠᠭ᠎ᠠ ᠲᠠᠢ ᠪᠣᠯᠭᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号