ᠠᠤᠬᠠᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠢ ᠰᠠᠶᠢᠲᠤᠷ ᠬᠢᠨ᠎ᠡ
ᠨᠡᠶᠢᠲᠡᠯᠡᠭᠰᠡᠨ ᠴᠠᠭ᠄
2023/9/12
   ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠢ ᠨᠢᠭᠡᠳᠦᠯᠲᠡᠶ ᠲᠥᠯᠥᠪᠯᠡᠬᠦ᠂ ᠵᠣᠬᠢᠴᠠᠭᠤᠯᠬᠤ᠂ ᠰᠢᠪᠠᠳᠠᠬᠤ ᠪᠠ ᠵᠢᠯᠣᠭᠤᠳᠬᠤ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠠᠤᠬᠠᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠢ ᠥᠷᠨᠢᠭᠦᠯᠵᠦ᠂ ᠨᠠᠰᠤᠨ ᠳᠤ ᠥᠯᠥ ᠭᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠢ  ᠪᠠᠲᠤᠯᠠᠨ᠎ᠠ᠃     ᠨᠢᠭᠡ ᠳᠤ᠂ ᠨᠠᠰᠤᠨ ᠳᠤ ᠦᠯᠦ ᠬᠦᠷᠦᠭᠰᠡᠳ ᠢ ᠬᠠᠮᠠᠭᠠᠯᠠᠨ ᠵᠣᠬᠢᠴᠠᠭᠤᠯᠬᠤ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠨ᠎ᠠ  ᠃ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠢ ᠶᠢᠨ  ᠬᠠᠷᠢᠯᠴᠠᠨ ᠬᠠᠮᠵᠢᠯᠴᠠᠬᠤ ᠪᠠᠨ ᠴᠢᠩᠭᠠᠳᠬᠠᠬᠤ ᠶᠢ ᠠᠬᠢᠭᠤᠯᠵᠤ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ  ᠨᠢᠭᠡᠴᠢ ᠶᠢᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠨᠡᠪᠲᠡᠷᠡᠯᠴᠡᠬᠦ ᠠᠷᠭ᠎ᠠ ᠵᠠᠮ ᠤᠨ ᠰᠠᠭᠠᠳ ᠥᠬᠡᠶ ᠨᠡᠪᠲᠡᠷᠡᠬᠦ᠂ ᠴᠠᠭ ᠲᠤᠬᠠᠶ ᠳᠤᠨᠢ ᠣᠷᠣᠯᠴᠠᠵᠤ  ᠰᠢᠢᠳᠪᠦᠷᠢᠯᠡᠬᠦ ᠶᠢ ᠥᠨᠳᠥᠷ ᠪᠦᠲᠦᠮᠵᠢᠲᠡᠶ ᠪᠠᠶᠢᠯᠭᠠᠬᠤ ᠶᠢ ᠦᠨᠡᠨᠬᠦ ᠪᠠᠲᠤᠯᠠᠨ᠎ᠠ  ᠃     ᠬᠤᠶᠠᠷ ᠲᠤ  ᠂ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ  ᠃ ᠠᠣᠬᠠᠨ ᠬᠤᠰᠢᠭᠤᠨ ᠳᠤ ᠬᠡᠤᠬᠡᠳ ᠤᠨ ᠬᠢᠨᠠᠨ ᠵᠢᠯᠣᠭᠤᠳᠣᠭᠴᠢ 18 ᠬᠥᠮᠦᠨ᠂ ᠬᠡᠤᠬᠡᠳ ᠤᠨ ᠡᠷᠬᠢᠯᠡᠭᠴᠢ 246 ᠬᠥᠮᠦᠨ ᠪᠠᠶᠢᠵᠤ᠂ ᠬᠡᠤᠬᠡᠳ ᠤᠨ ᠬᠢᠨᠠᠨ ᠵᠢᠯᠣᠭᠤᠳᠣᠭᠴᠢ᠂ ᠬᠡᠤᠬᠡᠳ ᠤᠨ ᠡᠷᠬᠢᠯᠡᠭᠴᠢ ᠶᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠬᠦᠴᠢᠷᠳᠡᠯ ᠳᠤ ᠲᠤᠯᠭᠠᠷᠠᠭᠰᠠᠨ ᠬᠡᠤᠬᠡᠳ ᠤᠨ  ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃ ᠬᠡᠤᠬᠡᠳ ᠤᠨ ᠡᠷᠬᠢᠯᠡᠭᠴᠢ ᠶᠢᠨ ᠴᠢᠳᠠᠪᠤᠷᠢ ᠶᠢ ᠳᠡᠭᠡᠭᠰᠢᠯᠡᠭᠦᠯᠬᠦ ︽ᠴᠢᠳᠠᠪᠤᠷᠢ ᠣᠯᠭᠤᠬᠤ ᠲᠥᠯᠥᠪᠯᠡᠭᠡ︾ ᠶᠢ ᠬᠡᠷᠡᠭᠵᠢᠭᠦᠯᠬᠦ ᠶᠢ ᠠᠬᠢᠭᠤᠯᠵᠤ᠂ ᠬᠡᠤᠬᠡᠳ ᠤᠨ ᠬᠢᠨᠠᠨ ᠵᠢᠯᠣᠭᠤᠳᠣᠭᠴᠢ ᠵᠢᠴᠢ ᠬᠡᠤᠬᠡᠳ ᠤᠨ ᠡᠷᠬᠢᠯᠡᠭᠴᠢ ᠶᠢᠨ ᠪᠣᠯᠪᠠᠰᠤᠷᠠᠯ ᠤᠨ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠬᠦᠴᠢᠷᠳᠡᠯ ᠳᠤ ᠲᠤᠯᠭᠠᠷᠠᠭᠰᠠᠨ ᠬᠡᠤᠬᠡᠳ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ᠂ ᠬᠡᠤᠬᠡᠳ ᠤᠨ ᠠᠵᠢᠯᠲᠠᠨ ᠤ ᠦᠨᠳᠦᠰᠦᠨ ᠠᠵᠢᠯ ᠤᠨ ᠡᠭᠦᠷᠭᠡ ᠬᠠᠷᠢᠭᠤᠴᠠᠯᠭ᠎ᠠ ᠪᠠ ᠤᠷ᠎ᠠ ᠮᠡᠷᠭᠡᠵᠢᠯ ᠳᠤ ᠨᠠᠷᠢᠨ ᠲᠠᠶᠢᠯᠤᠮᠵᠢ ᠬᠢᠵᠦ ᠂ ᠬᠡᠤᠬᠡᠳ ᠤᠨ ᠬᠢᠨᠠᠨ ᠵᠢᠯᠣᠭᠤᠳᠣᠭᠴᠢ ᠵᠢᠴᠢ ᠬᠡᠤᠬᠡᠳ ᠤᠨ ᠡᠷᠬᠢᠯᠡᠭᠴᠢ ᠳᠤ ᠲᠥᠷᠥ ᠶᠢᠨ ᠪᠣᠳᠣᠯᠭ᠎ᠠ᠂ ᠠᠵᠢᠯ ᠤᠨ ᠡᠭᠦᠷᠭᠡ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠣᠨᠣᠪᠴᠢᠲᠠᠶ ᠡᠵᠡᠮᠰᠢᠭᠦᠯᠵᠦ᠂  ᠦᠢᠯᠡᠴᠢᠯᠡᠭᠡᠨ ᠤ ᠦᠵᠡᠯ ᠤᠬᠠᠮᠰᠠᠷ ᠪᠠ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃     ᠭᠤᠷᠪᠠ ᠳᠤ᠂ ᠬᠦᠴᠢᠷᠳᠡᠯ ᠳᠤ ᠲᠤᠯᠭᠠᠷᠠᠭᠰᠠᠨ ᠬᠡᠤᠬᠡᠳ ᠤᠨ ᠪᠠᠲᠤᠯᠠᠭ᠎ᠠ ᠶᠢᠨ ᠠᠵᠢᠯ ᠢ ᠴᠢᠩᠭᠠᠳᠬᠠᠨ᠎ᠠ᠃ ᠨᠡᠶᠢᠭᠡᠮ ᠤᠨ ᠠᠪᠤᠷᠠᠨ ᠲᠤᠰᠠᠯᠠᠬᠤ᠂ ᠨᠡᠶᠢᠭᠡᠮ ᠤᠨ ᠠᠰᠠᠷᠠᠮᠵᠢ ᠵᠡᠷᠭᠡ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠪᠠ ᠠᠭᠤᠯᠭ᠎ᠠ ᠶᠢ ᠵᠦᠶ ᠵᠣᠬᠢᠰᠲᠠᠶ ᠥᠷᠭᠡᠳᠬᠡᠨ᠂ ᠲᠦᠷᠢᠮ ᠢ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠵᠦ᠂ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠪᠠᠲᠤᠯᠠᠬᠤ ᠲᠥᠷᠥ ᠶᠢᠨ ᠪᠣᠳᠣᠯᠭ᠎ᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠪᠡ᠃ 2023 ᠣᠨ ᠤ ᠭᠤᠷᠪᠠᠳᠤᠭᠠᠷ ᠤᠯᠠᠷᠢᠯ ᠳᠤ᠂ ᠪᠥᠬᠦ ᠬᠤᠰᠢᠭᠤᠨ ᠳᠤ ᠣᠲᠣ 42 ᠥᠨᠥᠴᠢᠨ ᠬᠡᠤᠬᠡᠳ ᠲᠠᠢ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ  ᠬᠡᠤᠬᠡᠳ124 ᠪᠠᠶᠢᠵᠤ᠂ ᠨᠡᠶᠢᠲᠡ 182.74 ᠲᠦᠮᠡᠨ ᠲᠥᠭᠦᠷᠢᠭ ᠤᠨ ᠠᠰᠠᠷᠠᠨ ᠲᠡᠵᠢᠭᠡᠬᠦ ᠮᠥᠩᠭᠦ ᠲᠠᠷᠬᠠᠭᠠᠪᠠ᠂ ᠡᠭᠦᠨ ᠳᠤ᠄ ᠥᠨᠥᠴᠢᠨ ᠬᠡᠤᠬᠡᠳ ᠤᠨ ᠠᠰᠠᠷᠠᠨ ᠲᠡᠵᠢᠭᠡᠬᠦ ᠨᠥᠬᠦᠪᠥᠷᠢ ᠮᠥᠩᠭᠦ 53.86 ᠲᠦᠮᠡᠨ ᠲᠥᠭᠦᠷᠢᠭ ᠲᠤ ᠬᠦᠷᠴᠡᠶ᠃ ᠪᠣᠳᠠᠲᠠᠢ ᠠᠰᠠᠷᠠᠨ ᠲᠡᠵᠢᠭᠡᠬᠦ ᠬᠥᠮᠦᠨ ᠥᠬᠡᠶ ᠬᠡᠤᠬᠡᠳ ᠢ ᠠᠰᠠᠷᠠᠨ ᠲᠡᠵᠢᠭᠡᠬᠦ ᠨᠥᠬᠦᠪᠥᠷᠢ ᠮᠥᠩᠭᠦ 128.88 ᠲᠦᠮᠡᠨ ᠲᠥᠭᠦᠷᠢᠭ ᠲᠤ ᠬᠦᠷᠴᠡᠶ᠃ ᠬᠠᠮᠢᠶ᠎ᠠ ᠪᠥᠬᠦᠶ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ᠂ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠢᠳᠡᠪᠬᠢᠲᠡᠶ ᠪᠠᠷ ᠨᠡᠪᠴᠢᠭᠦᠯᠦᠨ ᠪᠤᠶᠢᠵᠢᠭᠤᠯᠵᠤ᠂ ᠥᠷᠭᠡᠨ ᠣᠯᠠᠨ ᠠᠵᠤ ᠠᠬᠤᠶᠢᠯᠠᠯ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠬᠦᠴᠦᠨ ᠢ ᠳᠠᠶᠢᠴᠢᠯᠠᠨ ᠬᠥᠲᠥᠯᠦᠨ ᠵᠢᠯᠣᠭᠤᠳᠴᠤ ᠪᠠᠶᠢᠭᠠᠳ ᠬᠦᠴᠢᠷᠳᠡᠯ ᠳᠤ ᠲᠤᠯᠭᠠᠷᠠᠭᠰᠠᠨ ᠬᠡᠤᠬᠡᠳ ᠤᠨ ᠪᠠᠲᠤᠯᠠᠭ᠎ᠠ ᠶᠢᠨ ᠠᠵᠢᠯ ᠳᠤ ᠣᠷᠣᠯᠴᠠᠭᠤᠯᠵᠤ᠂ ᠪᠥᠬᠦ ᠨᠡᠶᠢᠭᠡᠮ ᠢᠶᠠᠷ ᠢᠶᠠᠨ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号