| ᠰᠦᠯᠵᠢᠶ᠎ᠡ ᠳᠤ ᠴᠠᠭ ᠤᠨ ᠬᠢᠵᠠᠭᠠᠷ ᠦᠭᠡᠢ᠂ ᠠᠮᠤᠷ ᠲᠦᠪᠰᠢᠨ ᠢ ᠰᠡᠭᠦᠳᠡᠷ ᠮᠡᠲᠦ ᠲᠠᠭᠠᠨ᠎ᠠ᠃ 9 ᠰᠠᠷ᠎ᠠ ᠶᠢᠨ | 11 ᠤ ᠡᠳᠦᠷ ᠠᠴᠠ 17 ᠤ ᠡᠳᠦᠷ ᠪᠣᠯᠲᠠᠯ᠎ᠠ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ | ᠭᠠᠷᠠᠭ ᠪᠣᠯᠤᠨ᠎ᠠ᠂ ᠡᠨᠡ ᠵᠢᠯ ᠤᠨ ᠭᠤᠤᠯ ᠰᠡᠳᠦᠪ ᠪᠣᠯ᠄ ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠤ | ᠲᠦᠯᠦᠭᠡ᠂ ᠰᠦᠯᠵᠢᠶᠡᠨ ᠤ ᠠᠮᠤᠷ ᠲᠦᠪᠰᠢᠨ ᠨᠢ ᠠᠷᠠᠳ ᠲᠦᠮᠡᠨ ᠳᠤ ᠲᠦᠰᠢᠭᠯᠡᠨ᠎ᠡ ᠃ ᠪᠦᠷᠢᠳᠬᠡᠯ ᠢ | ᠦᠨᠳᠦᠰᠦᠯᠡᠪᠡᠯ᠂ ᠮᠠᠨ ᠤ ᠤᠯᠤᠰ ᠤᠨ ᠰᠦᠯᠵᠢᠶᠡᠨ ᠤ ᠢᠷᠭᠡᠳ ᠤᠨ ᠬᠡᠪᠴᠢᠶ᠎ᠡ ᠨᠢᠭᠡᠨᠲᠡ10.51 | ᠳ᠋ᠦᠩᠰᠢᠭᠤᠷ ᠲᠤ ᠬᠦᠷᠴᠦ᠂ ᠨᠢᠭᠡ ᠭᠠᠷ ᠤᠲᠠᠰᠤ᠂ ᠨᠢᠭᠡ ᠺᠣᠮᠫᠢᠦ᠋ᠲ᠋ᠧᠷ ᠨᠢ ᠳᠡᠯᠡᠬᠡᠶ ᠶᠢᠨ ᠪᠥᠮᠪᠥᠷᠴᠡᠭ ᠳᠡᠭᠡᠷᠡᠬᠢ | ᠬᠥᠮᠦᠨ ᠨᠢᠭᠡᠪᠦᠷᠢ ᠶᠢ ᠨᠢᠭᠲᠠ ᠬᠤᠯᠪᠣᠵᠤ᠂ ᠰᠦᠯᠵᠢᠶ᠎ᠡ ᠨᠢᠭᠡᠨᠲᠡ ᠤᠯᠠᠨ ᠲᠦᠮᠡᠨ ᠤ ᠠᠮᠢᠳᠤᠷᠠᠯ ᠳᠤ ᠭᠦᠨᠵᠡᠭᠡᠶ | ᠠᠭᠤᠰᠤᠯᠴᠠᠭᠰᠠᠨ ᠪᠥᠭᠡᠳ ᠠᠵᠤ ᠠᠬᠤᠶ ᠶᠢᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ᠂ | ᠤᠯᠤᠰ ᠤᠨ ᠵᠠᠰᠠᠯᠲᠠ ᠶᠢᠨ ᠡᠯ᠎ᠡ ᠵᠠᠩᠭᠢᠯᠠᠭ᠎ᠠ ᠳᠤ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ ᠭᠡᠪᠡᠴᠦ ᠡᠭᠦᠨ ᠤ | ᠵᠡᠷᠭᠡ ᠳᠤ᠂ ᠰᠡᠷᠭᠡᠶᠢᠯᠡᠵᠦ ᠳᠡᠶᠢᠯᠬᠦ ᠥᠬᠡᠶ ᠴᠠᠬᠢᠯᠭᠠᠨ ᠬᠤᠯᠪᠣᠭᠠᠨ ᠤ ᠮᠡᠬᠡᠯᠡᠯ᠂ ᠰᠠᠨᠠᠭᠠᠨ ᠳᠤ ᠥᠬᠡᠶ ᠪᠠᠷ ᠮᠡᠳᠡᠭᠡ | ᠵᠠᠩᠭᠢ ᠯᠡᠪᠡᠷᠡᠬᠦ ᠁ ᠶᠡᠭᠡ ᠠᠴᠠ ᠤᠯᠤᠰ ᠤᠨ ᠨᠢᠭᠤᠴᠠ᠂ ᠪᠠᠭ᠎ᠠ ᠠᠴᠠ ᠬᠤᠪᠢ ᠬᠥᠮᠦᠨ ᠤ ᠨᠢᠭᠤᠴᠠ ᠬᠦᠷᠲᠡᠯ᠎ᠡ | ᠂ ᠰᠦᠯᠵᠢᠶᠡᠨ ᠤ ᠠᠮᠤᠷ ᠲᠦᠪᠰᠢᠨ ᠵᠢᠭᠠᠬᠠᠨ ᠰᠤᠯᠠᠷᠠᠪᠠᠯ ᠬᠡᠮᠵᠢᠶᠡᠯᠡᠰᠢ ᠥᠬᠡᠶ ᠬᠤᠬᠢᠷᠠᠯ ᠢ ᠤᠴᠠᠷᠠᠭᠤᠯᠵᠤ ᠮᠡᠳᠡᠨ᠎ᠡ | ᠃ | ᠬᠠᠷᠢᠶᠠᠲᠤ ᠣᠷᠣᠨ ᠤ ᠣᠯᠠᠨ ᠲᠦᠮᠡᠨ ᠤ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ ᠂ | ᠦᠨᠳᠦᠰᠦᠨ ᠰᠡᠷᠭᠡᠶᠢᠯᠡᠯᠲᠡ ᠶᠢᠨ ᠤᠷ᠎ᠠ ᠴᠢᠳᠠᠪᠤᠷᠢ ᠶᠢ ᠳᠡᠭᠡᠭᠰᠢᠯᠡᠭᠦᠯᠦᠨ᠂ ᠵᠥᠪ ᠰᠦᠯᠵᠢᠶᠡᠨ ᠤ ᠠᠮᠤᠷ | ᠲᠦᠪᠰᠢᠨ ᠤ ᠦᠵᠡᠯᠲᠡ ᠶᠢ ᠪᠤᠶ ᠪᠣᠯᠭᠠᠵᠤ᠂ ᠣᠯᠠᠨ ᠲᠦᠮᠡᠨ ᠤ ᠬᠤᠪᠢ ᠬᠥᠮᠦᠨ ᠤ ᠮᠡᠳᠡᠭᠡ ᠵᠠᠩᠭᠢ ᠪᠠ ᠲᠤᠭ᠎ᠠ | ᠪᠠᠷᠢᠮᠲᠠ ᠶᠢᠨ ᠠᠮᠤᠷ ᠲᠦᠪᠰᠢᠨ ᠢ ᠡᠷᠡᠰ ᠬᠠᠮᠠᠭᠠᠯᠠᠬᠤ ᠶᠢᠨ ᠲᠦᠯᠦᠭᠡ ᠂ ᠭᠤᠷᠪᠠᠨᠬᠤᠸᠠ ᠪᠠᠯᠭᠠᠰᠤ ᠰᠦᠯᠵᠢᠶᠡᠨ | ᠭᠠᠳᠠᠨᠠᠬᠢ ᠡᠯᠧᠺᠲᠷᠣᠨ ᠳᠡᠯᠭᠡᠴᠡ ᠪᠠᠷ ᠤᠬᠠᠭᠤᠯᠭ᠎ᠠ ᠶᠢᠨ ᠤᠷᠢᠶ᠎ᠠ ᠯᠣᠽᠦ᠋ᠩ ᠨᠠᠭᠠᠬᠤ᠂ ᠤᠬᠠᠭᠤᠯᠭ᠎ᠠ ᠶᠢᠨ | ᠬᠠᠭᠤᠳᠠᠰᠤ ᠨᠠᠭᠠᠬᠤ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠂ ᠰᠦᠯᠵᠢᠶᠡᠨ ᠳᠡᠭᠡᠷ᠎ᠡ ᠰᠦᠯᠵᠢᠶᠡᠨ ᠤ | ᠠᠮᠤᠷ ᠲᠦᠪᠰᠢᠨ ᠤ ᠮᠡᠳᠡᠯᠭᠡ ᠶᠢᠨ ᠰᠡᠳᠦᠪ ᠬᠠᠷᠢᠭᠤᠯᠬᠤ᠂ ᠰᠣᠨᠢᠷᠬᠠᠬᠤ ᠶᠢᠨ ᠬᠠᠮᠲᠤ ᠲᠣᠰᠬᠤᠨ ᠤ ᠠᠷᠠᠳ ᠤᠨ | ᠳᠣᠭᠤᠶᠢᠯᠠᠩ ᠳᠤ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ | ᠳᠠᠮᠵᠢᠭᠤᠯᠵᠤ᠂ ︽ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ︾ ᠤᠨ ᠰᠢᠷᠢᠰ | ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠰᠦᠯᠵᠢᠶᠡᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠲᠣᠣᠷ ᠢ | ᠬᠠᠮᠲᠤᠪᠠᠷ ᠴᠣᠭᠴᠠᠯᠠᠪᠠ᠃ |