ᠰᠧ ᠳ᠋ᠤᠤ ᠸᠠᠨ ᠽᠢ ᠪᠠᠯᠭᠠᠰᠤ᠄ ︽ᠨᠠᠮ ᠤᠨ ᠪᠠᠶᠢᠭᠤᠯᠤᠯᠲᠠ︾ + ᠵᠠᠭᠪᠤᠷ ᠨᠢ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠬᠥᠳᠡᠯᠭᠡᠬᠦ ᠬᠦᠴᠦᠨ ᠢ ᠬᠥᠭᠵᠢᠭᠡᠨ᠎ᠡ
ᠨᠡᠶᠢᠲᠡᠯᠡᠭᠰᠡᠨ ᠴᠠᠭ᠄
2023/9/13
   ᠤᠢᠢᠷ᠎ᠠ ᠶᠢᠨ ᠵᠢᠯ ᠠᠴᠠ᠂ ᠰᠧ ᠳ᠋ᠤᠤ ᠸᠠᠨ ᠽᠢ ᠪᠠᠯᠭᠠᠰᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ᠂ ᠬᠥᠳᠡᠭᠡ ᠲᠣᠰᠬᠤᠨ ᠤ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠵᠢᠴᠢ ᠦᠨᠳᠦᠰᠦᠨ ᠱᠠᠲᠤᠨ ᠤ ᠺᠠᠳ᠋ᠷ ᠤᠨ ᠭᠤᠣᠯᠯᠠᠭᠴᠢ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠣᠭᠤᠷᠢᠨ ᠳᠤ᠂ ︽ᠨᠠᠮ ᠤᠨ ᠪᠠᠶᠢᠭᠤᠯᠤᠯᠲᠠ︾ + ᠵᠠᠭᠪᠤᠷ ᠢ ᠢᠳᠡᠪᠬᠢᠲᠡᠢ ᠰᠦᠪᠡᠭᠴᠢᠯᠡᠨ ᠰᠢᠨ᠎ᠡ ᠶᠢ ᠡᠭᠦᠳᠴᠦ᠂ ᠬᠥᠳᠡᠭᠡ ᠲᠣᠰᠬᠤᠨ ᠤ ᠵᠠᠰᠠᠯᠲᠠ ᠶᠢᠨ ᠳᠣᠲᠣᠭᠠᠳᠤ ᠬᠥᠳᠡᠯᠭᠡᠬᠦ ᠬᠦᠴᠦᠨ ᠢ ᠪᠦᠲᠦᠮᠵᠢᠲᠡᠢ ᠬᠥᠭᠵᠢᠭᠡᠵᠦ᠂ ᠬᠥᠳᠡᠭᠡ ᠲᠣᠰᠬᠤᠨ ᠤ ᠵᠠᠰᠠᠯᠲᠠ ᠶᠢ ᠦᠨᠡᠨ ᠬᠦ ᠠᠮᠢᠯᠠᠭᠤᠯᠵᠠᠢ  ᠃    ︽ᠨᠠᠮ ᠤᠨ ᠪᠠᠶᠢᠭᠤᠯᠤᠯᠲᠠ + ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ︾᠃ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠦᠴᠦᠨ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠬᠦᠴᠢᠷ ᠠᠰᠠᠭᠤᠳᠠᠯ ᠢ ᠦᠨᠡᠨᠬᠦ ᠰᠢᠢᠳᠪᠦᠷᠢᠯᠡᠵᠦ᠂ ︽ᠨᠠᠮ ᠤᠨ ᠳᠤᠭᠤᠶᠢᠯᠠᠩ +︾ ᠠᠵᠢᠯᠯᠠᠭ᠎ᠠ ᠶᠢᠨ ᠠᠷᠭ᠎ᠠ ᠬᠡᠯᠪᠡᠷᠢ ᠶᠢ ᠲᠠᠰᠤᠷᠠᠯᠲᠠ ᠦᠭᠡᠢ ᠰᠢᠨᠡᠴᠢᠯᠡᠵᠦ᠂ ᠠᠵᠢᠯ ᠤᠨ ᠭᠤᠣᠯᠳᠠᠯᠭ᠎ᠠ ᠪᠠᠨ ᠨᠠᠮ ᠤᠨ ᠳᠤᠭᠤᠶᠢᠯᠠᠩ ᠲᠡᠰᠢ ᠥᠷᠭᠡᠳᠬᠡᠵᠦ᠂ ᠬᠠᠮᠲᠤ ᠪᠠᠷ ᠰᠤᠷᠤᠯᠴᠠᠬᠤ᠂ ᠤᠯᠠᠨ ᠲᠦᠮᠡᠨ ᠲᠠᠢ ᠬᠠᠷᠢᠯᠴᠠᠬᠤ ᠳᠦᠷᠢᠮ ᠢ ᠪᠠᠶᠢᠭᠤᠯᠵᠤ᠂ ︽ᠰᠡᠵᠢᠭᠦᠷ ᠮᠡᠳᠡᠷᠡᠯ︾ ᠢ ᠵᠠᠰᠠᠬᠤ ᠶᠢ ᠬᠥᠭᠵᠢᠭᠡᠵᠦ᠂ ᠨᠠᠮ ᠤᠨ ᠳᠤᠭᠤᠶᠢᠯᠠᠩ ᠪᠣᠯᠤᠨ ᠨᠠᠮ ᠤᠨ ᠭᠡᠰᠢᠭᠦᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠲᠠᠰᠤᠷᠠᠯᠲᠠ ᠦᠭᠡᠢ ︽ᠭᠡᠷᠡᠯ ᠰᠠᠴᠤᠷᠠᠭᠤᠯᠵᠤ︾ ︽ ᠢᠯᠴᠢ ᠭᠠᠷᠭᠠᠬᠤ︾  ᠪᠣᠯᠭᠠᠨ᠎ᠠ᠃    ︽ᠨᠠᠮ ᠤᠨ ᠪᠠᠶᠢᠭᠤᠯᠤᠯᠲᠠ + ᠨᠠᠮ ᠤᠨ ᠭᠡᠰᠢᠭᠦᠨ ᠤ ᠬᠥᠮᠦᠵᠢᠯ︾᠃ ᠣᠨᠣᠯ ᠢᠶᠠᠷ ᠵᠡᠪᠰᠡᠭᠯᠡᠬᠦ ᠶᠢ  ᠴᠢᠩᠭ᠎ᠠ ᠠᠳᠬᠤᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠵᠡᠷᠭᠡ ᠲᠠᠯ᠎ᠠ ᠶᠢᠨ ᠪᠣᠯᠪᠠᠰᠤᠷᠠᠯ ᠢ ᠥᠷᠨᠢᠭᠦᠯᠵᠦ᠂ ᠬᠠᠷᠠᠴᠢᠨ ᠬᠤᠰᠢᠭᠤ᠂ ᠶᠤᠸᠠᠨ ᠪᠦᠦ ᠱᠠᠨ ᠲᠣᠭᠤᠷᠢᠭ ᠵᠡᠷᠭᠡ ᠳᠤ ᠬᠦᠷᠴᠦ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ ᠰᠣᠯᠢᠯᠴᠠᠭ᠎ᠠ ᠬᠢᠬᠦ ᠶᠢ ᠵᠣᠬᠢᠶᠠᠨ ᠪᠠᠶᠢᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ᠂ ᠬᠡᠷ  ᠤᠨ ᠳᠣᠲᠣᠷ᠎ᠠ ᠭᠠᠳᠠᠨ᠎ᠠ᠂ ᠶᠠᠷᠢᠯᠴᠠᠵᠤ ᠲᠣᠭᠤᠷᠢᠨ ᠦᠵᠡᠬᠦ ᠵᠡᠷᠭᠡ ᠠᠷᠭ᠎ᠠ ᠬᠡᠯᠪᠡᠷᠢ ᠶᠢ ᠬᠠᠷᠢᠯᠴᠠᠨ ᠤᠶᠠᠯᠳᠤᠭᠤᠯᠵᠤ᠂ ︽ᠭᠤᠷᠪᠠᠨ ᠬᠤᠷᠠᠯ ᠨᠢᠭᠡ ᠬᠢᠴᠢᠶᠡᠯ︾ ᠪᠠ ᠰᠠᠷ᠎ᠠ ᠪᠦᠷᠢ ᠶᠢᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠵᠢᠷᠤᠮᠵᠢᠭᠤᠯᠤᠨ ᠥᠷᠨᠢᠭᠦᠯᠵᠦ᠂ ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ ᠵᠡᠷᠭᠡ ᠰᠦᠯᠵᠢᠶᠡᠨ ᠳᠡᠭᠡᠷᠡᠬᠢ ᠰᠤᠷᠤᠯᠴᠠᠯᠭ᠎ᠠ ᠶᠢᠨ ᠲᠠᠪᠴᠠᠩ ᠢ ᠢᠳᠡᠪᠬᠢᠲᠡᠶ ᠬᠡᠷᠡᠭᠯᠡᠨ᠂ ᠨᠠᠮ ᠤᠨ ᠭᠡᠰᠢᠭᠦᠳ ᠤᠨ ᠰᠤᠷᠤᠯᠴᠠᠬᠤ ᠢᠳᠡᠪᠬᠢᠵᠢᠯ ᠪᠠ ᠣᠨᠣᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃    ︽ᠨᠠᠮ ᠤᠨ ᠪᠠᠶᠢᠭᠤᠯᠤᠯᠲᠠ + ᠰᠤᠷᠲᠠᠯ ᠤᠨ ᠪᠠᠶᠢᠭᠤᠯᠤᠯᠲᠠ︾᠃ ᠨᠠᠮ ᠤᠨ ᠰᠤᠷᠲᠠᠯ  ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠲᠤᠰᠬᠠᠶ ᠰᠡᠳᠦᠪᠲᠦ ᠬᠤᠷᠠᠯ ᠢ ᠬᠤᠷᠠᠯᠳᠤᠭᠤᠯᠵᠤ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠭᠦᠢᠴᠡᠳᠬᠡᠬᠦ ᠲᠤᠭ᠎ᠠ ᠪᠣᠯᠤᠨ ᠡᠭᠦᠷᠭᠡ ᠶᠢ ᠱᠠᠲᠤ ᠱᠠᠲᠤ ᠪᠠᠷ ᠵᠠᠳᠠᠯᠵᠤ᠂ ᠨᠠᠮ ᠤᠨ ᠭᠡᠰᠢᠭᠦᠨ ᠺᠠᠳ᠋ᠷᠴᠤᠳ ᠤᠨ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠦᠨᠡᠨᠬᠦ ᠭᠦᠢᠴᠡᠳᠬᠡᠬᠦ ᠶᠢ ᠱᠠᠭᠠᠷᠳᠠᠵᠤ᠂ ᠨᠡᠶᠢᠭᠡᠮ ᠤᠨ ᠬᠠᠨᠤᠮᠵᠢ ᠶᠢᠨ ᠬᠡᠮᠵᠢᠶ᠎ᠡ ᠶᠢᠨ ᠦᠨᠡᠯᠡᠯᠲᠡ ᠶᠢ ᠺᠠᠳ᠋ᠷ ᠤᠨ ᠰᠤᠷᠲᠠᠯ ᠤᠨ ᠪᠠᠶᠢᠭᠤᠯᠤᠯᠲᠠ ᠶᠢᠨ ︽ᠰᠠᠯᠬᠢᠨ ᠤ ᠵᠦᠭᠯᠡᠭᠦᠷ︾ ︽ᠴᠠᠭ ᠠᠭᠤᠷ ᠤᠨ ᠬᠡᠮᠵᠢᠭᠦᠷ︾ ᠪᠣᠯᠭᠠᠬᠤ ᠶᠢ ᠪᠠᠷᠢᠮᠲᠠᠯᠠᠵᠤ᠂ ᠡᠯ᠎ᠡ ᠵᠦᠢᠯ ᠤᠨ ᠠᠵᠢᠯ ᠢ ᠠᠬᠢᠭᠤᠯᠤᠭᠰᠠᠨ ᠪᠠᠶᠢᠳᠠᠯ᠂ ᠲᠠᠷᠢᠶᠠᠴᠢᠳ ᠲᠤ ᠠᠰᠢᠭ ᠬᠦᠷᠲᠡᠭᠡᠵᠦ ᠠᠷᠠᠳ ᠢ ᠪᠠᠶᠠᠵᠢᠭᠤᠯᠬᠤ ᠲᠦᠷᠦ ᠶᠢᠨ ᠪᠤᠳᠤᠯᠭ᠎ᠠ᠂ ᠭᠤᠣᠯᠳᠠᠯᠭ᠎ᠠ ᠲᠠᠢ ᠠᠵᠢᠯ᠂ ᠴᠢᠬᠤᠯᠠ ᠶᠡᠭᠡ ᠲᠦᠷᠦᠯ ᠵᠦᠢᠯ ᠵᠢᠴᠢ ᠠᠵᠢᠯ ᠤᠨ ᠦᠷ᠎ᠡ ᠪᠦᠲᠦᠮᠵᠢ ᠶᠢᠨ ᠬᠢᠯᠠᠰ ᠴᠡᠭ ᠵᠡᠷᠭᠡ ᠶᠢ ᠥᠷᠭᠡᠨ ᠤᠯᠠᠨ ᠲᠦᠮᠡᠨ ᠳᠤ ᠤᠬᠠᠭᠤᠯᠤᠨ ᠳᠡᠯᠭᠡᠨ ᠦᠵᠡᠭᠦᠯᠵᠦ᠂ ᠤᠯᠠᠨ ᠲᠦᠮᠡᠨ ᠤ ᠪᠦᠬᠦ ᠪᠠᠯᠭᠠᠰᠤᠨ ᠤ ᠠᠮᠵᠢᠯᠲᠠ ᠪᠦᠲᠦᠮᠵᠢ ᠶᠢᠨ ᠠᠵᠢᠯ ᠤᠨ ᠲᠤᠬᠠᠢ ᠣᠶᠢᠯᠠᠭᠠᠯᠲᠠ ᠪᠠ ᠬᠠᠨᠤᠮᠵᠢ ᠶᠢᠨ ᠬᠡᠮᠵᠢᠶ᠎ᠡ ᠶᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号