ᠠᠤᠬᠠᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠄ ᠭᠠᠷᠠᠭ ᠤᠨ ᠰᠡᠭᠦᠯᠴᠢ  ᠠᠮᠠᠷᠠᠬᠤ ᠦᠭᠡᠢ ᠪᠠᠷ  ᠠᠷᠠᠳ ᠤᠨ ᠵᠣᠪᠠᠨᠢᠯ ᠢ ᠠᠷᠢᠯᠭᠠᠨ᠎ᠠ
ᠨᠡᠶᠢᠲᠡᠯᠡᠭᠰᠡᠨ ᠴᠠᠭ᠄
2023/9/13
   9 ᠰᠠᠷ᠎ᠠ ᠶᠢᠨ 9 ᠤ ᠡᠳᠦᠷ᠂ ᠨᠢᠭᠡᠨ ᠡᠩ ᠤᠨ ᠭᠠᠷᠠᠭ ᠤᠨ ᠵᠢᠷᠭᠤᠭᠠᠨ ᠳᠤ᠂ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠥᠪ ᠤᠨ ᠡᠭᠦᠳᠡᠨ ᠭᠠᠳᠠᠨ᠎ᠠ ᠥᠷᠯᠥᠭᠡ ᠡᠷᠲᠡ ᠣᠷᠳᠣ ᠮᠥᠷᠯᠡᠨ ᠵᠣᠭᠰᠤᠵᠤ ᠪᠠᠶᠢᠯ᠎ᠠ᠃ ᠮᠥᠷᠯᠡᠵᠦ ᠪᠠᠶᠢᠭ᠎ᠠ ᠣᠯᠠᠨ ᠲᠦᠮᠡᠨ ᠴᠥᠮ ᠬᠡᠦᠬᠡᠳ ᠢᠶᠠᠨ ᠳᠠᠭᠠᠭᠤᠯᠵᠤ ᠪᠡᠶ᠎ᠡ ᠶᠢᠨ ᠦᠨᠡᠮᠯᠡᠯ ᠢᠶᠠᠨ ᠭᠦᠢᠴᠡᠳᠬᠡᠬᠦ ᠪᠠᠷ ᠢᠷᠡᠭᠰᠡᠨ ᠶᠤᠮ᠃    ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ 9 ᠰᠠᠷ᠎ᠠ ᠶᠢᠨ 8᠂ 9᠂ 10 ᠭᠤᠷᠪᠠᠨ ᠡᠳᠦᠷ ᠲᠤ ᠴᠢᠯᠥᠭᠡ ᠲᠠᠯᠪᠢᠵᠤ᠂ ᠬᠡᠷ ᠤᠨ ᠠᠬᠠᠮᠠᠳ ᠪᠣᠯᠤᠨ ᠰᠤᠷᠤᠭᠴᠢᠳ ᠴᠢᠯᠥᠭᠡ ᠲᠠᠯᠪᠢᠬᠤ ᠠᠴᠠ ᠪᠠᠨ ᠡᠮᠦᠨ᠎ᠡ ᠰᠤᠷᠭᠠᠭᠤᠯᠢ ᠶᠢᠨ ᠮᠡᠳᠡᠭᠳᠡᠯ ᠢ ᠣᠯᠵᠤ᠂ ᠬᠡᠰᠡᠭ ᠰᠣᠷᠣᠭᠴᠢ ᠰᠢᠯᠭᠠᠯᠲᠠ ᠳᠤ ᠪᠡᠶ᠎ᠡ ᠶᠢᠨ ᠦᠨᠡᠮᠯᠡᠯ ᠢᠶᠠᠨ ᠬᠡᠷᠡᠭᠯᠡᠬᠦ ᠴᠢᠬᠤᠯᠠᠲᠠᠶ ᠪᠣᠯᠤᠭᠰᠠᠨ ᠤᠴᠢᠷ ᠠᠴᠠ 9 ᠰᠠᠷ᠎ᠠ ᠶᠢᠨ 8 ᠤ ᠡᠳᠦᠷ ︵ᠭᠠᠷᠠᠭ ᠤᠨ ᠲᠠᠪᠤᠨ︶ ᠳᠤ ᠮᠠᠰᠢ ᠣᠯᠠᠨ ᠬᠡᠷ ᠤᠨ ᠠᠬᠠᠮᠠᠳ ᠬᠡᠤᠬᠡᠳ ᠢᠶᠠᠨ ᠳᠠᠭᠠᠭᠤᠯᠵᠤ ᠪᠡᠶ᠎ᠡ ᠶᠢᠨ ᠦᠨᠡᠮᠯᠡᠯ ᠢᠶᠠᠨ ᠭᠦᠢᠴᠡᠳᠬᠡᠬᠦ ᠪᠠᠷ ᠢᠷᠡᠭᠰᠡᠨ ᠪᠠᠶᠢᠳᠠᠯ ᠢᠯᠡᠷᠡᠵᠡᠶ᠃ ᠭᠡᠨᠡᠳᠲᠡ ᠶᠢᠨ ᠪᠠᠶᠢᠳᠠᠯ ᠤᠨ ᠡᠮᠦᠨ᠎ᠡ᠂ 9 ᠰᠠᠷ᠎ᠠ ᠶᠢᠨ 8 ᠤ ᠡᠳᠦᠷ᠂  ᠦᠢᠯᠡᠴᠢᠯᠡᠭᠡᠨ ᠤ ᠲᠥᠪ ᠠᠴᠠ 10 ᠭᠠᠷᠤᠶ ᠠᠵᠢᠯᠲᠠᠨ ᠢ ᠵᠣᠬᠢᠶᠠᠨ ᠪᠠᠶᠢᠭᠤᠯᠤᠨ ᠡᠮᠬᠢ ᠵᠢᠷᠤᠮ ᠢ ᠬᠠᠮᠠᠭᠠᠯᠠᠵᠤ᠂ ᠬᠥᠮᠦᠨ ᠤ ᠤᠷᠤᠰᠬᠠᠯ ᠢ ᠲᠠᠷᠬᠠᠭᠠᠨ᠂ ᠪᠡᠶ᠎ᠡ ᠶᠢᠨ ᠦᠨᠡᠮᠯᠡᠯ ᠤᠨ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠠᠶᠢᠭ᠎ᠠ ᠬᠥᠮᠦᠰ ᠪᠠ ᠪᠤᠰᠤᠳ ᠲᠤᠬᠠᠶᠢᠯᠠᠭᠰᠠᠨ ᠠᠵᠢᠯ ᠢ  ᠭᠦᠢᠴᠡᠳᠬᠡᠵᠦ ᠪᠠᠶᠢᠭ᠎ᠠ ᠬᠥᠮᠦᠰ ᠢ ᠵᠦᠶ ᠵᠣᠬᠢᠰᠲᠠᠶ ᠪᠠᠷ ᠰᠠᠯᠭᠠᠨ ᠲᠣᠬᠢᠷᠠᠭᠤᠯᠵᠤ᠂ ᠶᠡᠭᠡ ᠲᠢᠩᠬᠢᠮ ᠤᠨ ᠡᠮᠬᠢ ᠵᠢᠷᠤᠮ ᠤᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠭᠰᠠᠨ ᠪᠠᠶᠢᠨ᠎ᠠ    ᠰᠤᠷᠤᠭᠴᠢᠳ ᠲᠤ ᠬᠠᠮᠤᠭ ᠤᠨ ᠶᠡᠭᠡ ᠬᠡᠮᠵᠢᠶ᠎ᠡ ᠪᠠᠷ ᠪᠡᠶ᠎ᠡ ᠶᠢᠨ ᠦᠨᠡᠮᠯᠡᠯ ᠭᠦᠢᠴᠡᠳᠬᠡᠬᠦ ᠦᠢᠯᠡᠴᠢᠯᠡᠭᠡ ᠬᠠᠩᠭᠠᠬᠤ ᠶᠢᠨ ᠲᠥᠯᠥᠭᠡ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠪᠠ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠣᠩᠬᠤᠪᠴᠢ ᠪᠠᠷ ᠵᠣᠬᠢᠴᠠᠭᠤᠯᠬᠤ ᠪᠠᠷ ᠳᠡᠮᠵᠢᠨ᠂ ᠭᠠᠷᠠᠭ ᠤᠨ ᠵᠢᠷᠭᠤᠭᠠᠨ ᠭᠠᠷᠠᠭ ᠤᠨ ᠡᠳᠦᠷ ᠤᠨ ᠬᠤᠶᠠᠷ ᠡᠳᠦᠷ ᠲᠤ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠡᠶ᠎ᠡ ᠶᠢᠨ ᠦᠨᠡᠮᠯᠡᠯ ᠤᠨ ᠲᠤᠬᠠᠶᠢᠯᠠᠭᠰᠠᠨ ᠠᠵᠢᠯ ᠤᠨ ᠴᠣᠩᠬᠤᠪᠴᠢ ᠪᠠᠷ ᠪᠥᠬᠦ ᠠᠵᠢᠯᠲᠠᠨ ᠠᠵᠢᠯ ᠤᠨ ᠪᠠᠶᠢᠷᠢ ᠳᠤ ᠭᠠᠷᠴᠤ ᠴᠠᠭ ᠨᠡᠮᠡᠵᠦ ᠠᠵᠢᠯᠯᠠᠪᠠ᠂ ᠣᠯᠠᠨ ᠢᠶᠠᠷ ᠢᠶᠠᠨ ᠥᠪᠡᠷ ᠤᠨ ᠠᠮᠠᠷᠠᠬᠤ ᠴᠠᠭ ᠢᠶᠠᠨ ᠦᠷᠡᠭᠳᠡᠭᠦᠯᠵᠦ᠂ ᠪᠡᠶ᠎ᠡ ᠶᠢᠨ ᠦᠨᠡᠮᠯᠡᠯ  ᠭᠦᠢᠴᠡᠳᠬᠡᠬᠦ ᠴᠢᠬᠤᠯᠠᠲᠠᠶ ᠣᠯᠠᠨ ᠲᠦᠮᠡᠨ ᠳᠤ ᠴᠠᠭ ᠢ ᠤᠷᠲᠤᠳᠬᠠᠬᠤ  ᠦᠢᠯᠡᠴᠢᠯᠡᠭᠡ ᠬᠠᠩᠭᠠᠵᠤ᠂ ᠰᠣᠷᠣᠭᠴᠢ ᠶᠢᠨ ᠪᠡᠶ᠎ᠡ ᠶᠢᠨ ᠦᠨᠡᠮᠯᠡᠯ  ᠭᠦᠢᠴᠡᠳᠬᠡᠬᠦ ᠠᠴᠠ ᠪᠣᠯᠵᠣ ᠰᠤᠷᠭᠠᠭᠤᠯᠢ ᠳᠤ ᠣᠴᠢᠬᠤ ᠶᠢ  ᠰᠠᠭᠠᠲᠠᠭᠠᠬᠤ ᠦᠭᠡᠢ ᠪᠠᠶᠢᠬᠤ ᠶᠢ ᠪᠠᠲᠤᠯᠠᠪᠠ  ᠃    ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠥᠪ ᠨᠢ ᠣᠯᠠᠨ ᠲᠦᠮᠡᠨ ᠤ ᠪᠤᠳᠤᠵᠤ ᠪᠠᠶᠢᠭ᠎ᠠ  ᠵᠦᠢᠯ ᠢ ᠪᠤᠳᠤᠵᠤ᠂ ᠣᠯᠠᠨ ᠲᠦᠮᠡᠨ ᠤ ᠬᠡᠷᠡᠭᠴᠡᠭᠡ ᠶᠢ  ᠰᠢᠢᠳᠪᠦᠷᠢᠯᠡᠵᠦ᠂ ᠣᠯᠠᠨ ᠲᠦᠮᠡᠨ ᠤ ᠪᠠᠴᠢᠮᠳᠠᠵᠤ ᠪᠠᠶᠢᠭ᠎ᠠ  ᠵᠦᠢᠯ ᠳᠤ ᠪᠠᠴᠢᠮᠳᠠᠵᠤ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠴᠠ ᠭᠠᠳᠠᠨ᠎ᠠ᠂ ᠭᠠᠷᠠᠭ ᠤᠨ ᠵᠢᠷᠭᠤᠭᠠᠨ ᠭᠠᠷᠠᠭ ᠤᠨ ᠡᠳᠦᠷ ᠲᠤ ᠴᠥᠮ ᠴᠠᠭ ᠢ ᠤᠷᠲᠤᠳᠬᠠᠬᠤ  ᠦᠢᠯᠡᠴᠢᠯᠡᠭᠡ ᠬᠠᠩᠭᠠᠵᠤ᠂ ᠣᠯᠠᠩᠬᠢ  ᠴᠣᠩᠬᠤᠪᠴᠢ ᠳᠤ ᠴᠥᠮ ᠵᠢᠵᠢᠭᠦᠷᠯᠡᠨ ᠰᠠᠬᠢᠵᠤ᠂ ᠬᠡᠰᠡᠭ ᠴᠣᠩᠬᠤᠪᠴᠢ ᠳᠤ ᠲᠤᠬᠠᠶᠢᠯᠠᠭᠰᠠᠨ ᠠᠵᠢᠯ ᠤᠨ ᠤᠷᠢᠳᠴᠢᠯᠠᠨ ᠪᠣᠯᠵᠣᠬᠤ ᠲᠦᠷᠢᠮ ᠢ ᠬᠡᠷᠡᠭᠵᠢᠭᠦᠯᠵᠦ᠂ ᠨᠢᠭᠡ ᠤᠲᠠᠰᠤ ᠪᠠᠷ ᠤᠷᠢᠳᠴᠢᠯᠠᠨ ᠪᠣᠯᠵᠣᠬᠤ ᠶᠢ  ᠭᠦᠢᠴᠡᠳᠬᠡᠵᠦ ᠪᠣᠯᠤᠨ᠎ᠠ᠃    ᠭᠠᠷᠠᠭ ᠤᠨ ᠰᠡᠭᠦᠯᠴᠢ  ᠠᠮᠠᠷᠠᠬᠤ ᠦᠭᠡᠢ ᠪᠠᠷ ᠠᠷᠠᠳ ᠤᠨ ᠵᠣᠪᠠᠨᠢᠯ ᠢ  ᠠᠷᠢᠯᠭᠠᠬᠤ ᠨᠢ ᠨᠢᠭᠡᠨᠲᠡ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠥᠪ ᠤᠨ ᠠᠵᠢᠯ ᠤᠨ  ᠪᠠᠶᠢᠩᠭᠤ ᠶᠢᠨ ᠪᠠᠶᠢᠳᠠᠯ ᠪᠣᠯᠤᠭᠰᠠᠨ ᠪᠠᠶᠢᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号