ᠠᠤᠬᠠᠨ ᠬᠤᠰᠢᠭᠤ 2023 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2023/9/13
 
   9 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ 2023 ᠣᠨ  ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠤᠬᠠᠨ ᠬᠤᠰᠢᠭᠤᠨ ᠤ ᠤᠬᠠᠭᠤᠯᠭ᠎ᠠ ᠶᠢᠨ ᠠᠵᠢᠯᠯᠠᠭ᠎ᠠ ᠰᠢᠨ ᠾᠦᠢ ᠳᠣᠯᠣᠳᠤᠭᠠᠷ ᠳᠤᠮᠳᠠᠳᠤ ᠰᠤᠷᠭᠠᠭᠤᠯᠢ ᠳᠤ ᠵᠢᠩᠬᠢᠨᠢ ᠪᠠᠷ ᠡᠬᠢᠯᠡᠵᠦ᠂ ᠠᠵᠢᠯᠯᠠᠭ᠎ᠠ ᠨᠢ ︽ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠤ ᠲᠥᠯᠥᠭᠡ᠂ ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠳᠤ ᠲᠦᠰᠢᠭᠯᠡᠬᠦ︾ ᠪᠠᠷ ᠭᠤᠤᠯ ᠰᠡᠳᠦᠪ ᠪᠣᠯᠭᠠᠵᠤ᠂  ᠰᠢ ᠶᠢᠨ ᠫᠢᠩ ᠶᠡᠷᠦᠩᠬᠡᠶ ᠱᠦᠵᠢ  ᠶᠢᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ  ᠤᠬᠠᠭᠤᠯᠤᠨ ᠲᠤᠭᠤᠰᠢᠯᠠᠭᠤᠯᠵᠤ᠂ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠪᠥᠬᠦ ᠨᠡᠶᠢᠭᠡᠮ ᠤᠨ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠪᠥᠬᠦ ᠠᠷᠠᠳ ᠤᠨ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠪᠠ ᠤᠷ᠎ᠠ ᠴᠢᠳᠠᠪᠤᠷᠢ ᠶᠢ  ᠳᠡᠭᠡᠭᠰᠢᠯᠡᠭᠦᠯᠦᠨ᠎ᠡ᠃
   ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠠᠤᠬᠠᠨ ᠬᠤᠰᠢᠭᠤᠨ ᠤ 2023 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠡᠬᠢᠯᠡᠭᠰᠡᠨ ᠢ ᠨᠡᠶᠢᠲᠡᠯᠡᠪᠡ︔ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠡᠪᠯᠡᠯ ᠤᠨ ᠬᠤᠰᠢᠭᠤᠨ ᠤ ᠨᠠᠮ ᠤᠨ ᠬᠤᠷᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠲᠣᠰ ᠲᠣᠰ ᠪᠠᠶᠠᠷ ᠤᠨ ᠦᠭᠡ ᠬᠡᠯᠡᠪᠡ︔ ᠰᠢᠨ ᠾᠦᠢ ᠳᠣᠯᠣᠳᠤᠭᠠᠷ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠲᠥᠯᠥᠭᠡᠯᠡᠭᠴᠢ ᠰᠠᠨᠠᠭᠠᠴᠢᠯᠠᠭ᠎ᠠ ᠶᠢᠨ ᠪᠢᠴᠢᠭ ᠢ ᠤᠩᠰᠢᠨ ᠨᠡᠶᠢᠲᠡᠯᠡᠪᠡ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠰᠤᠷᠤᠭᠴᠢᠳ ᠲᠤ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢᠨ ᠨᠤᠭᠤᠯᠪᠤᠷᠢ ᠬᠠᠭᠤᠳᠠᠰᠤ ᠪᠣᠯᠤᠨ ᠰᠠᠨᠠᠭᠠᠴᠢᠯᠠᠭ᠎ᠠ ᠶᠢᠨ ᠪᠢᠴᠢᠭ ᠲᠠᠷᠬᠠᠭᠠᠪᠠ᠃ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠭᠳᠠᠭᠠᠨ ᠤ ᠶᠠᠪᠤᠳᠠᠯ ᠤᠨ ᠲᠤᠰᠠᠯᠠᠮᠵᠢ ᠶᠢᠨ ᠶᠡᠭᠡ ᠠᠩᠭᠢ ᠶᠢᠨ ᠬᠠᠮᠢᠶ᠎ᠠ ᠪᠥᠬᠦᠶ ᠨᠥᠬᠦᠳ ︽ᠰᠦᠯᠵᠢᠶ᠎ᠡ ᠪᠣᠯ ᠬᠤᠤᠰ ᠢᠷᠲᠦ ᠰᠡᠯᠡᠮ᠎ᠡ  ᠠᠮᠤᠷ ᠲᠦᠪᠰᠢᠨ ᠬᠡᠷᠡᠭᠯᠡᠬᠦ ᠪᠣᠯ ᠵᠠᠩᠭᠢᠯᠠᠭ᠎ᠠ ᠮᠥᠨ︾ ᠭᠡᠬᠦ ᠲᠤᠰᠬᠠᠶ ᠰᠡᠳᠦᠪ ᠢᠶᠠᠷ ᠰᠤᠷᠤᠭᠴᠢᠳ ᠲᠤ  ᠬᠢᠴᠢᠶᠡᠯ ᠣᠷᠣᠪᠠ᠃ ᠠᠮᠤᠷ ᠲᠦᠪᠰᠢᠨ ᠢᠶᠠᠷ ᠭᠠᠷ ᠤᠲᠠᠰᠤ ᠪᠠᠷ ᠳᠠᠮᠵᠢᠭᠤᠯᠤᠨ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠨᠢ ᠳᠡᠭᠡᠭᠰᠢᠯᠡᠭᠦᠯᠵᠦ᠂ ᠪᠣᠬᠢᠷᠲᠤᠯ ᠥᠬᠡᠶ ᠰᠦᠯᠵᠢᠶᠡᠨ ᠳᠤ ᠭᠠᠷᠬᠤ᠂ ᠪᠣᠯᠪᠠᠰᠤᠨ ᠢᠶᠠᠷ ᠰᠦᠯᠵᠢᠶᠡᠨ ᠳᠤ ᠭᠠᠷᠬᠤ᠂ ᠠᠮᠤᠷ ᠲᠦᠪᠰᠢᠨ ᠢᠶᠠᠷ ᠰᠦᠯᠵᠢᠶᠡᠨ ᠳᠤ ᠭᠠᠷᠬᠤ ᠶᠢ ᠢᠳᠡᠪᠬᠢᠲᠡᠶ  ᠪᠡᠶᠡᠯᠡᠭᠦᠯᠪᠡ᠃      ᠰᠤᠷᠭᠠᠭᠤᠯᠢ ᠶᠢᠨ ᠬᠦᠷᠢᠶᠡᠨ ᠳᠤ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠡᠬᠢᠯᠡᠭᠦᠯᠬᠦ ᠪᠠᠷ ᠳᠠᠮᠵᠢᠭᠤᠯᠤᠨ᠂ ᠰᠤᠷᠤᠭᠴᠢᠳ ᠢ ᠬᠠᠪᠰᠤᠷᠤᠨ ᠴᠢᠬᠤᠯᠠ ᠪᠥᠬᠦᠶ ᠰᠦᠯᠵᠢᠶᠡᠨ ᠤ ᠠᠮᠤᠷ ᠲᠦᠪᠰᠢᠨ ᠤ ᠶᠡᠷᠦ ᠶᠢᠨ ᠮᠡᠳᠡᠯᠭᠡ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠣᠶᠢᠯᠠᠭᠠᠭᠤᠯᠵᠤ᠂ ᠡᠵᠡᠮᠰᠢᠭᠦᠯᠵᠦ ᠴᠢᠳᠠᠬᠤ ᠪᠠᠷ ᠪᠠᠷᠠᠬᠤ ᠥᠬᠡᠶ᠂ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠢ ᠴᠢᠩᠭᠠᠷᠠᠭᠤᠯᠵᠤ  ᠂  ᠪᠠᠰᠠ ᠭᠠᠷ ᠭᠠᠷ ᠢᠶᠠᠨ  ᠬᠤᠯᠪᠤᠯᠴᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠷᠤᠭᠴᠢᠳ ᠤᠨ ᠬᠡᠷ ᠤᠨ ᠠᠬᠠᠮᠠᠳ ᠲᠤ ᠬᠠᠪᠰᠤᠷᠤᠨ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠤᠯᠠᠮ ᠨᠢᠭᠡ ᠠᠯᠬᠤᠮ ᠣᠶᠢᠯᠠᠭᠠᠭᠤᠯᠵᠤ᠂ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠨᠡᠮᠡᠭᠳᠡᠭᠦᠯᠦᠨ᠂ ᠰᠦᠯᠵᠢᠶᠡᠨ ᠤ ᠠᠮᠤᠷ ᠲᠦᠪᠰᠢᠨ ᠤ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠨᠢᠭᠡ ᠬᠡᠤᠬᠡᠳ ᠨᠢ ᠨᠢᠭᠡ ᠬᠡᠷ ᠪᠦᠯᠢ ᠶᠢ ᠳᠠᠶᠢᠴᠢᠯᠠᠨ ᠪᠥᠬᠦ ᠨᠡᠶᠢᠭᠡᠮ ᠤᠨ ᠦᠷ᠎ᠡ ᠪᠦᠲᠦᠮᠵᠢ ᠶᠢ ᠨᠥᠯᠥᠭᠡᠯᠡᠬᠦ ᠳᠤ  ᠬᠦᠷᠭᠡᠨ᠎ᠡ᠃
   ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠶᠢ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠠᠴᠠ ᠭᠤᠤᠯᠯᠠᠨ ᠡᠷᠭᠢᠯᠡᠵᠦ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠵᠤ  ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠵᠢᠯᠴᠢᠨ ᠤ ᠶᠡᠷᠦᠩᠬᠡᠶ ᠡᠪᠯᠡᠯ᠂ ᠡᠪᠯᠡᠯ ᠤᠨ ᠬᠤᠰᠢᠭᠤᠨ ᠤ ᠨᠠᠮ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠮᠥᠩᠭᠦᠨ  ᠭᠦᠢᠯᠭᠡᠭᠡ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠵᠡᠷᠭᠡ ᠰᠠᠯᠠᠭ᠎ᠠ ᠮᠥᠴᠢᠷ ᠬᠠᠮᠲᠤᠷᠠᠨ ᠡᠷᠭᠢᠯᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号