ᠰᠢᠶᠠ ᠸᠠ ᠪᠠᠯᠭᠠᠰᠤ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ ᠦᠢᠯᠡᠳᠪᠦᠷᠢᠯᠡᠭᠴᠢ ᠳᠤ ᠨᠥᠬᠦᠪᠥᠷᠢ ᠥᠭᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠪᠡ
ᠨᠡᠶᠢᠲᠡᠯᠡᠭᠰᠡᠨ ᠴᠠᠭ᠄
2023/9/14
   ᠳᠡᠭᠡᠳᠦ ᠱᠠᠲᠤᠨ ᠤ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ ᠲᠠᠷᠢᠭᠴᠢ ᠳᠤ ᠨᠥᠬᠦᠪᠥᠷᠢ ᠥᠭᠬᠦ ᠬᠤᠯᠪᠣᠭᠳᠠᠯ ᠪᠥᠬᠦᠶ ᠠᠵᠢᠯ ᠤᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠬᠠᠷᠢᠶᠠᠲᠤ ᠣᠷᠣᠨ ᠤ ᠲᠠᠷᠢᠶᠠᠴᠢᠨ ᠲᠦᠮᠡᠨ ᠤ ᠠᠮᠤ ᠪᠤᠳᠠᠭ᠎ᠠ ᠳᠠᠷᠢᠬᠤ ᠢᠳᠡᠪᠬᠢᠵᠢᠯ ᠢ ᠦᠨᠡᠨ ᠬᠦ ᠳᠡᠭᠡᠭᠰᠢᠯᠡᠭᠦᠯᠦᠨ᠂ ᠲᠣᠰ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠲᠠᠰᠤᠷᠠᠯᠲᠠ ᠥᠬᠡᠶ ᠠᠬᠢᠭᠤᠯᠬᠤ ᠶᠢᠨ ᠲᠥᠯᠥᠭᠡ᠂ ᠰᠢᠶᠠ ᠸᠠ ᠪᠠᠯᠭᠠᠰᠤ ᠶᠢᠨ ᠬᠢᠨ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠡᠷᠳᠡᠨᠢ ᠰᠢᠰᠢ ᠰᠢᠷ᠎ᠠ ᠪᠤᠷᠴᠠᠭ ᠤᠨ ᠨᠥᠬᠦᠪᠥᠷᠢ ᠶᠢ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ ᠠᠵᠢᠯ ᠢ ᠢᠳᠡᠪᠬᠢᠲᠡᠶ ᠥᠷᠨᠢᠭᠦᠯᠪᠡ᠃    ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠᠯᠭᠠᠰᠤ ᠲᠣᠰᠬᠤᠨ ᠤ ᠺᠠᠳ᠋ᠷ ᠤᠨ ᠬᠤᠷᠠᠯ ᠬᠤᠷᠠᠯᠳᠤᠵᠤ᠂ ᠪᠠᠯᠭᠠᠰᠤᠨ ᠤ ᠨᠠᠮ ᠤᠨ ᠬᠤᠷᠢᠶ᠎ᠠ ᠶᠢᠨ ᠭᠤᠤᠯ ᠤᠳᠤᠷᠢᠳᠤᠯᠭ᠎ᠠ ᠲᠣᠰ ᠠᠵᠢᠯ ᠢ ᠳᠣᠭᠢᠷᠠᠭᠤᠯᠤᠨ ᠪᠠᠶᠢᠷᠢᠯᠠᠭᠤᠯᠵᠤ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠯᠭᠠᠰᠤᠨ ᠤ 2023 ᠣᠨ ᠤ ᠡᠷᠳᠡᠨᠢ ᠰᠢᠰᠢ  ᠂ ᠰᠢᠷ᠎ᠠ ᠪᠤᠷᠴᠠᠭ ᠪᠠ ᠲᠥᠮᠥᠰᠥ ᠦᠢᠯᠡᠳᠪᠦᠷᠢᠯᠡᠭᠴᠢᠳ ᠲᠤ ᠨᠥᠬᠦᠪᠥᠷᠢ ᠥᠭᠬᠦ ᠠᠵᠢᠯ ᠤᠨ ᠬᠡᠷᠡᠭᠵᠢᠭᠦᠯᠬᠦ ᠲᠥᠰᠦᠯ ᠳᠤ ᠨᠠᠷᠢᠨ ᠲᠠᠶᠢᠯᠤᠮᠵᠢ ᠬᠢᠪᠠ᠃ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠶᠣᠰᠣᠭᠠᠷ᠂ ᠡᠯ᠎ᠡ ᠲᠠᠯ᠎ᠠ ᠶᠢᠨ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠡᠨ ᠳᠠᠭᠠᠭᠠᠴᠢᠯᠠᠨ ᠬᠤᠯᠪᠣᠭᠠᠯᠠᠭᠰᠠᠨ ᠪᠣᠯ ᠬᠡᠨ ᠬᠠᠷᠢᠭᠤᠴᠠᠬᠤ᠂ ᠪᠠᠯᠭᠠᠰᠤ ᠲᠣᠰᠬᠤᠨ ᠳᠤᠭᠤᠶᠢᠯᠠᠩ ᠤᠨ ᠺᠠᠳ᠋ᠷ ᠭᠤᠷᠪᠠᠨ ᠱᠠᠲᠤ ᠬᠤᠯᠪᠣᠭᠠᠯᠠᠨ ᠬᠥᠳᠡᠯᠦᠯᠴᠡᠬᠦ ᠠᠵᠢᠯ ᠤᠨ ᠲᠣᠭᠲᠠᠴᠠ ᠶᠣᠰᠣᠭᠠᠷ᠂ ᠲᠣᠰ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠪᠠ ᠣᠨᠣᠪᠴᠢᠲᠤ ᠴᠢᠨᠠᠷ ᠢ ᠦᠨᠡᠨ ᠬᠦ ᠪᠠᠲᠤᠯᠠᠨ᠎ᠠ᠃    ᠴᠠᠭ ᠤᠨ ᠵᠠᠩᠭᠢᠶᠠᠰᠤ ᠶᠢ ᠡᠵᠡᠮᠳᠡᠵᠦ᠂ ᠠᠵᠢᠯ ᠤᠨ ᠶᠠᠰᠤ ᠴᠢᠨᠠᠷ ᠢ ᠪᠠᠲᠤᠯᠠᠨ᠎ᠠ᠃ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠡᠯ᠎ᠡ ᠲᠣᠰᠬᠤᠨ ᠲᠣᠭᠲᠠᠭᠰᠠᠨ ᠬᠤᠭᠤᠴᠠᠭᠠᠨ ᠳᠤ ᠨᠥᠬᠦᠪᠥᠷᠢ ᠶᠢᠨ ᠦᠨᠳᠦᠰᠦᠨ ᠮᠡᠳᠡᠭᠡ ᠵᠠᠩᠭᠢ ᠶᠢᠨ ᠬᠦᠰᠦᠨᠦᠭᠲᠦ᠂ ᠨᠥᠬᠦᠪᠥᠷᠢ ᠶᠢᠨ ᠨᠠᠷᠢᠨ ᠲᠠᠩᠰᠠ ᠶᠢᠨ ᠬᠦᠰᠦᠨᠦᠭᠲᠦ ᠶᠢ ᠭᠠᠷ ᠤᠨ ᠦᠰᠦᠭ ᠵᠢᠷᠤᠵᠤ ᠬᠤᠷᠢᠶᠠᠩᠭᠤᠶᠢᠯᠠᠭᠰᠠᠨ ᠤ ᠳᠠᠷᠠᠭ᠎ᠠ ᠳᠡᠭᠡᠭᠰᠢ ᠮᠡᠳᠡᠭᠦᠯᠵᠦ ᠂ ᠪᠠᠯᠭᠠᠰᠤ ᠠᠴᠠ ᠬᠢᠨᠠᠨ ᠬᠠᠷᠭᠤᠭᠤᠯᠵᠤ ᠳᠠᠭᠤᠰᠤᠭᠰᠠᠨ ᠤ ᠳᠠᠷᠠᠭ᠎ᠠ᠂ ᠴᠠᠭ ᠲᠤᠬᠠᠶ ᠳᠤᠨᠢ ᠬᠤᠰᠢᠭᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠵᠦ᠂ ᠡᠷᠳᠡᠨᠢ ᠰᠢᠰᠢ ᠰᠢᠷ᠎ᠠ ᠪᠤᠷᠴᠠᠭ ᠤᠨ ᠨᠥᠬᠦᠪᠥᠷᠢ ᠶᠢ ᠲᠣᠭᠲᠠᠭᠰᠠᠨ ᠬᠤᠭᠤᠴᠠᠭᠠᠨ ᠳᠤ ᠣᠯᠭᠤᠬᠤ ᠶᠢ ᠪᠠᠲᠤᠯᠠᠵᠤ᠂ ᠪᠣᠳᠠᠲᠠᠶ ᠦᠢᠯᠡᠳᠦᠯ ᠢ ᠦᠨᠡᠨᠬᠦ ᠪᠠᠳᠠᠷᠠᠭᠤᠯᠵᠤ᠂ ᠠᠮᠤ ᠪᠤᠳᠠᠭ᠎ᠠ ᠲᠠᠷᠢᠭᠴᠢ ᠨᠢᠭᠡᠪᠦᠷᠢ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃   ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠨ᠎ᠠ᠃ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠵᠢᠯᠲᠠᠨ ᠢ ᠰᠢᠯᠵᠢᠭᠦᠯᠦᠨ ᠬᠢᠨᠠᠯᠲᠠ ᠲᠠᠯᠪᠢᠵᠤ ᠰᠠᠬᠢᠯᠭ᠎ᠠ ᠪᠠᠲᠤ ᠬᠡᠷᠡᠭᠵᠢᠭᠦᠯᠬᠦ ᠳᠤᠭᠤᠶᠢᠯᠠᠩ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠡᠯ᠎ᠡ ᠲᠣᠰᠬᠤᠨ ᠤ ᠡᠷᠳᠡᠨᠢ ᠰᠢᠰᠢ ᠰᠢᠷ᠎ᠠ ᠪᠤᠷᠴᠠᠭ ᠢ ᠬᠢᠨᠠᠨ ᠬᠠᠷᠭᠤᠭᠤᠯᠬᠤ ᠠᠵᠢᠯ ᠳᠤ ᠬᠢᠨᠠᠯᠲᠠ ᠲᠠᠯᠪᠢᠵᠤ᠂ ᠠᠵᠢᠯ ᠤᠨ ᠠᠬᠢᠴᠠ ᠶᠢ ᠴᠠᠭ ᠲᠤᠬᠠᠶ ᠳᠤᠨᠢ ᠳᠣᠭᠢᠷᠠᠭᠤᠯᠤᠨ᠂ ᠡᠯ᠎ᠡ ᠲᠣᠰᠬᠤᠨ ᠤ ᠠᠵᠢᠯ ᠤᠨ ᠤᠷᠤᠭᠰᠢᠲᠠᠶ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠵᠤ᠂ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠭᠰᠡᠨ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠪᠤᠶᠤ ᠠᠵᠢᠯ ᠳᠠᠭᠠᠨ ᠬᠠᠷᠢᠭᠤᠴᠠᠬᠤ ᠥᠬᠡᠶ ᠠᠴᠠ ᠪᠣᠯᠵᠣ ᠡᠷᠳᠡᠨᠢ ᠰᠢᠰᠢ ᠰᠢᠷ᠎ᠠ ᠪᠤᠷᠴᠠᠭ ᠤᠨ ᠬᠠᠤᠯᠢ ᠶᠣᠰᠣᠨ ᠤ ᠳᠠᠷᠢᠬᠤ ᠲᠠᠯᠠᠪᠠᠶ ᠶᠢ ᠮᠠᠭᠠᠳᠯᠠᠨ ᠲᠣᠭᠲᠠᠭᠠᠭᠰᠠᠨ ᠨᠢ ᠣᠨᠣᠪᠴᠢ ᠥᠬᠡᠶ᠂ ᠬᠢᠨᠠᠨ ᠬᠠᠷᠭᠤᠭᠤᠯᠵᠤ ᠪᠦᠷᠢᠳᠬᠡᠭᠰᠡᠨ ᠨᠢ ᠣᠨᠣᠪᠴᠢ ᠥᠬᠡᠶ᠂ ᠨᠥᠬᠦᠪᠥᠷᠢ ᠥᠭᠭᠦᠭᠰᠡᠨ ᠨᠢ ᠪᠤᠷᠤᠭᠤᠳᠠᠭᠰᠠᠨ ᠪᠠᠶᠢᠪᠠᠯ᠂ ᠬᠠᠮᠢᠶ᠎ᠠ ᠪᠥᠬᠦᠶ ᠬᠠᠷᠢᠭᠤᠴᠠᠯᠭᠠᠲᠠᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠲᠣᠰ ᠤᠳᠠᠭᠠᠨ ᠤ ᠠᠵᠢᠯ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠲᠠᠯᠪᠢᠵᠤ ᠥᠭᠬᠦ ᠪᠣᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号