ᠠᠤᠬᠠᠨ ᠬᠤᠰᠢᠭᠤᠨ ᠤ ᠣᠯᠠᠨ ᠰᠠᠯᠠᠭ᠎ᠠ ᠮᠥᠴᠢᠷ ᠬᠠᠮᠲᠤᠷᠠᠨ ᠥᠪᠡᠰᠦᠪᠡᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠯᠲᠠ ᠶᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2023/9/14
   ᠠᠤᠬᠠᠨ ᠬᠤᠰᠢᠭᠤᠨ ᠤ ᠥᠪᠡᠰᠦᠪᠡᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠨᠢᠭᠡᠳᠦᠭᠡᠷ ᠱᠠᠲᠤᠨ ᠤ ᠠᠵᠢᠯ ᠤᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠲᠠᠷᠠᠭᠠᠴᠢ ᠶᠢᠨ ᠠᠵᠢᠯ ᠤᠨ ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠶᠢᠨ ᠲᠥᠯᠥᠭᠡ  ᠂ ᠠᠤᠬᠠᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠲᠦᠷᠦᠭᠦᠯᠡᠨ᠂ ᠥᠪᠡᠰᠦᠪᠡᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 14 ᠪᠦᠷᠢᠯᠳᠦᠬᠦᠨ  ᠨᠢᠭᠡᠴᠢ ᠲᠣᠰ ᠲᠣᠰ 1 ᠮᠡᠷᠭᠡᠵᠢᠯ ᠤᠨ ᠠᠵᠢᠯᠲᠠᠨ ᠢ ᠰᠣᠩᠭᠤᠨ ᠭᠠᠷᠭᠠᠵᠤ᠂ ᠥᠪᠥᠷ ᠮᠣᠩᠭᠤᠯ ᠤᠨ ᠰᠠᠨ ᠳ᠋ᠧ ᠯᠢ ᠲᠥᠷᠥᠯ ᠵᠦᠢᠯ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠲᠠᠢ ᠬᠠᠮᠲᠤᠷᠠᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠤᠪᠢᠳᠠᠨ ᠬᠠᠮᠢᠶᠠᠷᠴᠤ ᠪᠥᠬᠦᠶ ᠲᠣᠪᠴᠢᠶᠠᠨ ᠳᠠᠷᠤᠭ᠎ᠠ ᠪᠠᠷ ᠳᠡᠳ᠋ ᠳᠠᠷᠤᠭ᠎ᠠ ᠪᠣᠯᠭᠠᠭᠰᠠᠨ ᠬᠠᠮᠲᠤᠷᠠᠭᠰᠠᠨ ᠬᠢᠨᠠᠨ ᠵᠢᠯᠣᠭᠤᠳᠴᠤ ᠪᠠᠶᠢᠴᠠᠭᠠᠬᠤ ᠳᠤᠭᠤᠶᠢᠯᠠᠩ ᠪᠠᠶᠢᠭᠤᠯᠵᠤ᠂ 18 ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠥᠪᠡᠰᠦᠪᠡᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠵᠢᠴᠢ ᠠᠵᠢᠯ ᠤᠨ ᠲᠤᠰᠬᠠᠶ ᠠᠩᠭᠢ ᠪᠠᠶᠢᠭᠤᠯᠤᠭᠰᠠᠨ ᠪᠠᠶᠢᠳᠠᠯ᠂ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠭ᠎ᠠ ᠬᠡᠷ ᠪᠠᠶᠢᠰᠢᠩ ᠤᠨ ᠮᠡᠳᠡᠭᠳᠡᠬᠦ ᠪᠢᠴᠢᠭ ᠲᠠᠷᠬᠠᠭᠠᠭᠰᠠᠨ ᠪᠠᠶᠢᠳᠠᠯ ᠵᠡᠷᠭᠡ  ᠶᠢ ᠠᠩᠬ᠎ᠠ ᠠᠯᠬᠤᠮ ᠮᠠᠭᠠᠳᠯᠠᠬᠤ ᠶᠢᠨ ᠬᠠᠮᠲᠤ ᠲᠤᠬᠠᠶ ᠶᠢᠨ ᠲᠠᠯᠠᠪᠤᠷ ᠲᠤ ᠥᠪᠡᠰᠦᠪᠡᠨ ᠪᠠᠶᠢᠭᠤᠯᠤᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠮᠡᠳᠡᠭᠡ ᠵᠠᠩᠭᠢ ᠶᠢ ᠴᠤᠭᠯᠠᠭᠤᠯᠤᠨ ᠨᠡᠶᠢᠯᠡᠭᠦᠯᠬᠦ ᠲᠠᠪᠴᠠᠩ ᠤᠨ ᠲᠤᠭ᠎ᠠ ᠪᠠᠷᠢᠮᠲᠠ ᠶᠢ ᠣᠷᠣᠭᠤᠯᠤᠭᠰᠠᠨ ᠪᠠᠶᠢᠳᠠᠯ ᠢ ᠰᠤᠭᠤᠴᠢᠨ ᠪᠠᠶᠢᠴᠠᠭᠠᠵᠤ ᠳᠠᠬᠢᠨ ᠪᠠᠶᠢᠴᠠᠭᠠᠪᠠ᠃    ᠲᠣᠰ ᠤᠳᠠᠭᠠᠨ ᠤ ᠬᠠᠮᠲᠤᠷᠠᠭᠰᠠᠨ ᠬᠢᠨᠠᠨ ᠵᠢᠯᠣᠭᠤᠳᠴᠤ ᠪᠠᠶᠢᠴᠠᠭᠠᠬᠤ ᠠᠵᠢᠯ ᠨᠢ 7 ᠡᠳᠦᠷ ᠶᠠᠪᠤᠭᠳᠠᠵᠤ᠂ ᠥᠪᠡᠰᠦᠪᠡᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠲᠣᠬᠢᠷᠠᠭᠤᠯᠤᠯᠲᠠ ᠪᠠᠶᠢᠷᠢᠯᠠᠭᠤᠯᠤᠯᠲᠠ ᠵᠡᠷᠭᠡ ᠬᠠᠮᠢᠶ᠎ᠠ ᠪᠥᠬᠦᠶ ᠮᠠᠲ᠋ᠧᠷᠢᠶᠠᠯ ᠢ ᠨᠡᠶᠢᠲᠡ 50 ᠬᠤᠪᠢ ᠪᠠᠶᠢᠴᠠᠭᠠᠨ ᠦᠵᠡᠵᠦ᠂ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠭ᠎ᠠ ᠬᠡᠷ ᠪᠠᠶᠢᠰᠢᠩ ᠢᠶᠠᠷ ᠠᠩᠬ᠎ᠠ ᠮᠠᠭᠠᠳᠯᠠᠭᠰᠠᠨ ᠮᠡᠳᠡᠭᠳᠡᠬᠦ ᠪᠢᠴᠢᠭ 270 ᠬᠤᠪᠢ ᠪᠠᠶᠢᠵᠤ᠂ ᠥᠪᠡᠰᠦᠪᠡᠨ ᠪᠠᠶᠢᠭᠤᠯᠤᠭᠰᠠᠨ ᠬᠡᠷ ᠪᠠᠶᠢᠰᠢᠩ ᠤᠨ ᠮᠡᠳᠡᠭᠡ ᠵᠠᠩᠭᠢ ᠶᠢ 108 ᠡᠷᠦᠬᠡ ᠥᠯᠢᠭᠡᠷ ᠠᠪᠴᠤ ᠳᠠᠬᠢᠨ ᠬᠢᠨᠠᠪᠠ᠂ ᠡᠭᠦᠨ ᠳᠤ ᠡᠵᠡᠩᠨᠡᠯᠲᠡ ᠶᠢᠨ ᠴᠢᠨᠠᠷᠲᠠᠶ ᠥᠪᠡᠰᠦᠪᠡᠨ ᠪᠠᠷᠢᠭᠰᠠᠨ ᠬᠡᠷ ᠪᠠᠶᠢᠰᠢᠩ 70 ᠡᠷᠦᠬᠡ᠂ ᠪᠤᠰᠤᠳ ᠥᠪᠡᠰᠦᠪᠡᠨ ᠪᠠᠷᠢᠭᠰᠠᠨ ᠬᠡᠷ ᠪᠠᠶᠢᠰᠢᠩ 38 ᠡᠷᠦᠬᠡ ᠶᠢ ᠰᠣᠩᠭᠤᠨ ᠪᠠᠶᠢᠴᠠᠭᠠᠪᠠ᠃ ᠪᠠᠶᠢᠴᠠᠭᠠᠬᠤ ᠳᠤᠭᠤᠶᠢᠯᠠᠩ ᠤᠨ ᠬᠢᠨ ᠪᠠᠶᠢᠳᠠᠯ ᠢ ᠪᠠᠶᠢᠴᠠᠭᠠᠬᠤ ᠠᠰᠠᠭᠤᠳᠠᠯ ᠤᠨ ᠨᠠᠷᠢᠨ ᠲᠠᠩᠰᠠ ᠶᠢ ᠪᠦᠷᠢᠯᠳᠦᠭᠦᠯᠵᠦ ᠂ ᠨᠢᠭᠡᠳ ᠨᠢᠭᠡ ᠪᠠᠷ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠬᠠᠷᠢᠭᠤ ᠲᠤᠰᠬᠠᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭᠠᠲᠤ ᠨᠢᠭᠡᠴᠢ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠡᠭᠦᠷᠭᠡᠯᠡᠭᠴᠢ ᠪᠠ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠵᠤ ᠵᠦᠢᠯ ᠳᠠᠷᠠᠭᠠᠯᠠᠨ ᠬᠠᠰᠤᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号