ᠠᠤᠬᠠᠨ  ᠬᠤᠰᠢᠭᠤ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ  ᠢᠳᠡᠰᠢᠨ ᠦᠬᠡᠷ ᠤᠨ ᠬᠦᠷᠢᠶᠡᠨ ᠤ ᠠᠵᠤ ᠠᠬᠤᠶ ᠶᠢᠨ ᠲᠥᠷᠥᠯ  ᠵᠦᠢᠯ ᠤᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠢᠶᠠᠷ ᠠᠬᠢᠭᠤᠯᠪᠠ
ᠨᠡᠶᠢᠲᠡᠯᠡᠭᠰᠡᠨ ᠴᠠᠭ᠄
2023/9/14
   ᠢᠳᠡᠰᠢᠨ ᠦᠬᠡᠷ ᠲᠡᠵᠢᠭᠡᠨ ᠦᠷᠡᠵᠢᠭᠦᠯᠬᠦ ᠨᠢ ᠠᠤᠬᠠᠨ ᠬᠤᠰᠢᠭᠤᠨ ᠤ ᠭᠤᠷᠪᠠᠨ ᠲᠣᠮᠣ ᠭᠤᠤᠯᠯᠠᠬᠤ ᠠᠵᠤ  ᠦᠢᠯᠡᠰ ᠤᠨ ᠨᠢᠭᠡ ᠪᠣᠯᠤᠭᠰᠠᠨ ᠤ ᠬᠤᠪᠢ ᠳᠤ  ᠂ ᠠᠤᠬᠠᠨ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ᠃ ᠪᠦᠬᠦ ᠬᠤᠰᠢᠭᠤᠨ ᠤ ᠢᠳᠡᠰᠢᠨ ᠦᠬᠡᠷ ᠤᠨ ᠠᠵᠤ ᠦᠢᠯᠡᠰ ᠤᠨ ᠰᠦᠷᠦᠭᠵᠢᠯ ᠤᠨ ᠨᠡᠮᠡᠭᠳᠡᠯ ᠢ ᠲᠦᠷᠭᠡᠳᠬᠡᠨ ᠠᠬᠢᠭᠤᠯᠬᠤ ᠶᠢᠨ ᠲᠥᠯᠥᠭᠡ᠂ ᠠᠵᠤ  ᠦᠢᠯᠡᠰ ᠤᠨ ᠬᠠᠮᠤᠷᠬᠤ ᠬᠡᠪᠴᠢᠶ᠎ᠡ ᠶᠢ ᠳᠡᠭᠡᠭᠰᠢᠯᠡᠭᠦᠯᠵᠦ᠂ ᠨᠠᠩ ᠣᠯᠠᠨ ᠮᠠᠯᠴᠢᠨ ᠲᠠᠷᠢᠶᠠᠴᠢᠨ ᠡᠷᠦᠬᠡ ᠶᠢ ᠬᠥᠲᠥᠯᠥᠨ ᠵᠢᠯᠣᠭᠤᠳᠴᠤ ᠢᠳᠡᠰᠢᠨ ᠦᠬᠡᠷ ᠲᠡᠵᠢᠭᠡᠨ ᠦᠷᠡᠵᠢᠭᠦᠯᠵᠦ᠂ ᠠᠤᠬᠠᠨ ᠬᠤᠰᠢᠭᠤᠨ ᠤ ᠬᠢᠨ 2023 ᠣᠨ ᠳᠤ ᠢᠳᠡᠰᠢᠨ ᠦᠬᠡᠷ ᠤᠨ ᠬᠦᠷᠢᠶᠡᠨ ᠤ ᠠᠵᠤ ᠠᠬᠤᠶ ᠶᠢ ᠬᠥᠭᠵᠢᠭᠦᠯᠵᠦ᠂ ᠠᠣᠬᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︽ᠠᠤᠬᠠᠨ ᠬᠤᠰᠢᠭᠤᠨ ᠤ ᠢᠳᠡᠰᠢᠨ ᠦᠬᠡᠷ ᠤᠨ ᠬᠦᠷᠢᠶᠡᠨ ᠤ ᠠᠵᠤ ᠠᠬᠤᠶ ᠶᠢᠨ ᠲᠥᠷᠥᠯ  ᠵᠦᠢᠯ ᠢ ᠬᠡᠷᠡᠭᠵᠢᠭᠦᠯᠬᠦ ᠲᠥᠰᠦᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠡᠯ᠎ᠡ ᠱᠠᠲᠤᠨ ᠤ ᠤᠳᠤᠷᠢᠳᠤᠯᠭ᠎ᠠ ᠨᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠯᠠᠨ ᠠᠷᠭ᠎ᠠ ᠬᠡᠮᠵᠢᠶ᠎ᠡ ᠠᠪᠴᠤ ᠪᠠᠶᠢᠭᠠᠳ ᠢᠳᠡᠰᠢᠨ ᠦᠬᠡᠷ ᠤᠨ ᠬᠦᠷᠢᠶᠡᠨ ᠤ ᠠᠵᠤ ᠠᠬᠤᠶ ᠶᠢᠨ ᠲᠥᠷᠥᠯ ᠵᠦᠢᠯ ᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠯᠠᠪᠳᠠᠭᠤᠨ ᠢᠶᠠᠷ ᠳᠥᠯᠭᠢᠨ ᠠᠬᠢᠭᠤᠯᠪᠠ᠃     ᠨᠢᠭᠡ ᠳᠤ  ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠪᠠ᠃ ᠠᠣᠬᠠᠨ ᠬᠤᠰᠢᠭᠤᠨ ᠤ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠤᠳᠤᠷᠢᠳᠬᠤ ᠳᠤᠭᠤᠶᠢᠯᠠᠩ ᠤᠨ ᠳᠣᠤᠷ᠎ᠠ ᠠᠯᠪᠠᠨ ᠬᠡᠷ ᠭᠠᠷᠭᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠢᠳᠡᠰᠢᠨ ᠦᠬᠡᠷ ᠤᠨ ᠬᠦᠷᠢᠶᠡᠨ ᠤ ᠠᠵᠤ ᠠᠬᠤᠶ ᠶᠢᠨ ᠲᠥᠷᠥᠯ  ᠵᠦᠢᠯ ᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠠᠬᠢᠭᠤᠯᠪᠠ᠃ ᠡᠯ᠎ᠡ ᠰᠢᠶᠠᠩ ᠪᠠᠯᠭᠠᠰᠤ ᠰᠤᠮᠤ ᠶᠢᠨ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠨᠥᠬᠦᠳ᠂ ᠡᠯ᠎ᠡ ᠵᠡᠭᠡᠯᠢ ᠭᠤᠳᠤᠮᠵᠢ ᠶᠢᠨ  ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠲᠥᠷᠥ ᠶᠢᠨ ᠪᠣᠳᠣᠯᠭ᠎ᠠ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠶ ᠰᠤᠳᠤᠯᠵᠤ᠂ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠰᠠᠶᠢᠲᠤᠷ ᠬᠢᠵᠦ᠂ ᠲᠤᠰᠬᠠᠶ ᠬᠥᠮᠦᠨ ᠢᠶᠠᠷ ᠪᠣᠳᠠᠲᠠᠶ ᠬᠠᠷᠢᠭᠤᠴᠠᠭᠤᠯᠬᠤ ᠶᠢ ᠲᠣᠳᠣᠷᠬᠠᠶᠢᠯᠠᠨ᠂ ᠠᠵᠢᠯ ᠤᠨ ᠤᠷᠤᠭᠰᠢᠲᠠᠶ ᠶᠠᠪᠤᠭᠳᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃      ᠬᠤᠶᠠᠷ ᠲᠤ  ᠂ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠨ᠎ᠠ᠃ ᠰᠦᠯᠵᠢᠶᠡᠨ ᠳᠡᠭᠡᠷ᠎ᠡ ᠳᠡᠯᠭᠡᠷᠡᠭᠦᠯᠬᠦ᠂ ᠰᠦᠯᠵᠢᠶᠡᠨ ᠭᠠᠳᠠᠨ᠎ᠠ ᠤᠬᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠴᠠᠭ ᠲᠤᠬᠠᠶ ᠳᠤᠨᠢ ᠣᠨᠣᠪᠴᠢᠲᠠᠶ ᠬᠢᠵᠦ᠂ ᠳᠤᠷᠠᠰᠢᠯ ᠲᠠᠢ ᠲᠡᠵᠢᠭᠡᠨ ᠦᠷᠡᠵᠢᠭᠦᠯᠬᠦ ᠣᠯᠠᠨ ᠲᠦᠮᠡᠨ ᠢ ᠢᠳᠡᠪᠬᠢᠲᠡᠶ ᠪᠠᠷ ᠳᠠᠶᠢᠴᠢᠯᠠᠨ  ᠢᠳᠡᠰᠢᠨ ᠦᠬᠡᠷ ᠤᠨ ᠬᠦᠷᠢᠶᠡᠨ ᠤ ᠠᠵᠤ ᠠᠬᠤᠶ ᠶᠢᠨ ᠲᠥᠷᠥᠯ  ᠵᠦᠢᠯ  ᠳᠤ ᠣᠷᠣᠯᠴᠠᠭᠤᠯᠤᠨ᠎ᠠ᠃ ᠡᠭᠦᠨ ᠤ ᠬᠠᠮᠲᠤ᠂ ᠰᠠᠶᠢᠨ ᠲᠤᠷᠰᠢᠯᠭ᠎ᠠ᠂ ᠰᠠᠶᠢᠨ ᠠᠷᠭ᠎ᠠ ᠶᠢ  ᠭᠦᠢᠴᠡᠳ ᠠᠭᠤᠳᠠᠯᠵᠤ᠂ ᠴᠠᠭ ᠲᠤᠬᠠᠶ ᠳᠤᠨᠢ ᠤᠬᠠᠭᠤᠯᠤᠨ ᠳᠡᠯᠭᠡᠷᠡᠭᠦᠯᠵᠦ᠂ ᠲᠡᠵᠢᠭᠡᠨ ᠦᠷᠡᠵᠢᠭᠦᠯᠬᠦ ᠡᠷᠦᠬᠡ ᠶᠢᠨ  ᠢᠳᠡᠰᠢᠨ ᠦᠬᠡᠷ ᠤᠨ ᠬᠦᠷᠢᠶᠡᠨ ᠤ ᠠᠵᠤ ᠠᠬᠤᠶ ᠶᠢ ᠬᠥᠭᠵᠢᠭᠦᠯᠬᠦ ᠢᠲᠡᠭᠡᠯ ᠵᠣᠷᠢᠭ ᠢ ᠳᠡᠭᠡᠭᠰᠢᠯᠡᠭᠦᠯᠬᠦ ᠬᠡᠷᠡᠭᠲᠡᠶ᠃      ᠭᠤᠷᠪᠠ ᠳᠤ  ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠲᠠᠷᠢᠶᠠᠴᠢᠨ ᠡᠷᠦᠬᠡ ᠶᠢᠨ ᠭᠤᠶᠤᠴᠢᠯᠠᠬᠤ᠂ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ᠂ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠤᠨ ᠲᠠᠰ ᠳᠠᠷᠠᠭᠠᠯᠠᠯ ᠢ ᠴᠢᠩᠭ᠎ᠠ ᠵᠢᠷᠤᠮᠯᠠᠨ ᠶᠠᠪᠤᠭᠳᠠᠭᠤᠯᠬᠤ ᠶᠢᠨ ᠬᠠᠮᠲᠤ᠂ ᠡᠯ᠎ᠡ ᠰᠢᠶᠠᠩ ᠪᠠᠯᠭᠠᠰᠤ ᠬᠤᠳᠠᠯᠳᠤᠨ ᠠᠪᠤᠭᠰᠠᠨ ᠡᠬᠡ ᠮᠠᠯ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠣᠰᠬᠤᠨ ᠤ ᠳᠤᠭᠤᠶᠢᠯᠠᠩ ᠤᠨ ᠺᠠᠳ᠋ᠷ ᠪᠣᠯᠤᠨ ᠰᠢᠶᠠᠩ ᠪᠠᠯᠭᠠᠰᠤ ᠶᠢᠨ ᠲᠣᠰᠬᠤᠨ ᠳᠤ ᠰᠠᠭᠤᠭ᠎ᠠ ᠺᠠᠳ᠋ᠷᠴᠤᠳ ᠤᠨ ᠬᠦᠷᠢᠶᠡᠨ ᠤ ᠲᠡᠵᠢᠭᠡᠨ ᠦᠷᠡᠵᠢᠭᠦᠯᠬᠦ ᠡᠷᠦᠬᠡ ᠳᠠᠬᠢ ᠡᠳᠦᠷ ᠲᠤᠲᠤᠮ ᠤᠨ ᠮᠥᠷᠳᠡᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠶ᠃     ᠳᠦᠷᠪᠡ ᠳᠤ  ᠂ ᠮᠡᠷᠭᠡᠵᠢᠯ ᠤᠨ ᠵᠢᠯᠤᠭᠤᠳᠤᠯᠭ᠎ᠠ ᠶᠢ ᠴᠢᠩᠭᠠᠳᠬᠠᠨ᠎ᠠ᠃ ᠲᠣᠭᠲᠠᠮᠠᠯ ᠬᠤᠭᠤᠴᠠᠭ᠎ᠠ ᠲᠠᠢ ᠪᠠᠷ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠢ ᠳᠣᠭᠢᠷᠠᠭᠤᠯᠤᠨ ᠰᠢᠶᠠᠩ ᠪᠠᠯᠭᠠᠰᠤ ᠶᠢᠨ  ᠢᠳᠡᠰᠢᠨ ᠦᠬᠡᠷ ᠤᠨ  ᠬᠦᠷᠢᠶᠡᠨ ᠤ ᠠᠵᠤ ᠠᠬᠤᠶ ᠶᠢᠨ ᠲᠥᠷᠥᠯ  ᠵᠦᠢᠯ ᠥᠷᠨᠢᠭᠦᠯᠬᠦ ᠶᠢ ᠮᠥᠷᠳᠡᠨ ᠵᠢᠯᠣᠭᠤᠳᠴᠤ᠂ ᠲᠤᠷᠰᠢᠯᠲᠠ ᠶᠢᠨ ᠳᠤᠮᠳᠠ ᠢᠯᠡᠷᠡᠭᠰᠡᠨ ᠠᠰᠠᠭᠤᠳᠠᠯ ᠪᠠ ᠬᠦᠴᠢᠷᠳᠡᠯ ᠢ ᠴᠠᠭ ᠲᠤᠬᠠᠶ ᠳᠤᠨᠢ ᠢᠯᠡᠷᠡᠭᠦᠯᠬᠦ ᠶᠢᠨ ᠬᠠᠮᠲᠤ  ᠰᠢᠢᠳᠪᠦᠷᠢᠯᠡᠵᠦ ᠂ ᠮᠡᠷᠭᠡᠵᠢᠯ ᠤᠨ  ᠦᠢᠯᠡᠴᠢᠯᠡᠭᠡ ᠪᠠ ᠵᠢᠯᠣᠭᠤᠳᠣᠯᠭ᠎ᠠ ᠪᠠᠷ ᠲᠡᠵᠢᠭᠡᠨ ᠦᠷᠡᠵᠢᠭᠦᠯᠬᠦ ᠡᠷᠦᠬᠡ ᠶᠢᠨ ᠰᠡᠳᠬᠢᠯ ᠢ ᠠᠮᠤᠷᠵᠢᠭᠤᠯᠵᠤ᠂ ᠢᠳᠡᠰᠢᠨ ᠦᠬᠡᠷ ᠤᠨ ᠠᠵᠤ ᠦᠢᠯᠡᠰ ᠤᠨ ᠬᠠᠷᠢᠯᠴᠠᠨ ᠬᠠᠪᠰᠤᠷᠤᠯᠴᠠᠬᠤ ᠪᠠᠯᠠ ᠮᠥᠩᠭᠦ ᠶᠢᠨ  ᠬᠦᠷᠢᠶᠡᠨ ᠤ ᠠᠵᠤ ᠠᠬᠤᠶ ᠶᠢᠨ ᠠᠵᠢᠯ ᠢ ᠥᠷᠭᠡᠳᠬᠡᠬᠦ ᠳᠤ ᠰᠠᠭᠤᠷᠢ ᠲᠠᠯᠪᠢᠬᠤ ᠬᠡᠷᠡᠭᠲᠡᠶ᠃    ᠣᠲᠣ ᠪᠣᠯᠲᠠᠯ᠎ᠠ᠂ ᠲᠣᠰ ᠲᠥᠷᠥᠯ  ᠵᠦᠢᠯ ᠨᠢ ᠨᠡᠶᠢᠲᠡ 16 ᠰᠢᠶᠠᠩ ᠪᠠᠯᠭᠠᠰᠤᠨ ᠳᠤ ᠪᠠᠶᠢᠵᠤ᠂ ᠲᠡᠵᠢᠭᠡᠨ ᠦᠷᠡᠵᠢᠭᠦᠯᠬᠦ ᠡᠷᠦᠬᠡ ᠶᠢ ᠬᠠᠮᠤᠷᠤᠭᠰᠠᠨ 800 ᠭᠠᠷᠤᠶ ᠡᠷᠦᠬᠡ ᠪᠠᠶᠢᠵᠤ᠂ 1500 ᠲᠦᠮᠡᠨ ᠲᠥᠭᠦᠷᠢᠭ ᠤᠨ ᠪᠠᠯᠠ ᠮᠥᠩᠭᠦ ᠰᠠᠯᠭᠠᠨ ᠥᠭᠴᠦ᠂ ᠲᠥᠷᠥᠯ ᠵᠦᠢᠯ ᠢᠶᠠᠷ ᠳᠠᠮᠵᠢᠭᠤᠯᠤᠨ ᠯᠠᠪᠳᠠᠭᠤᠨ ᠢᠶᠠᠷ ᠳᠥᠯᠭᠢᠨ ᠠᠬᠢᠭᠤᠯᠵᠤ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠠᠷᠭ᠎ᠠ ᠵᠠᠮ ᠢ ᠥᠷᠭᠡᠳᠬᠡᠭᠰᠡᠨ ᠪᠠᠶᠢᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号