| ᠲᠠᠷᠢᠶᠠᠴᠢᠳ ᠤᠨ ᠡᠷᠬᠡ ᠠᠰᠢᠭ ᠢ ᠪᠠᠲᠤᠯᠠᠵᠤ᠂ ᠤᠯᠤᠰ ᠤᠨ ᠲᠠᠷᠢᠶᠠᠯᠠᠩ ᠢ ᠬᠦᠴᠦᠷᠬᠡᠭᠵᠢᠭᠦᠯᠵᠦ | ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠳᠣᠭᠤᠰᠢᠯᠠᠭᠤᠯᠤᠨ | ᠨᠠᠶᠢᠳᠠᠪᠤᠷᠢᠵᠢᠭᠤᠯᠵᠤ᠂ 2023 ᠣᠨ ᠤ ᠡᠷᠳᠡᠨᠢ ᠰᠢᠰᠢ ᠂ ᠰᠢᠷ᠎ᠠ ᠪᠤᠷᠴᠠᠭ ᠪᠠ ᠲᠥᠮᠥᠰᠥ | ᠦᠢᠯᠡᠳᠪᠦᠷᠢᠯᠡᠭᠴᠢᠳ ᠲᠤ ᠨᠥᠬᠦᠪᠥᠷᠢ ᠥᠭᠬᠦ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠬᠤᠸᠠᠩ ᠶᠠᠩ | ᠸᠠ ᠪᠠᠯᠭᠠᠰᠤ ᠡᠷᠲᠡ ᠠᠴᠠ ᠲᠣᠬᠢᠷᠠᠭᠤᠯᠤᠨ ᠨᠠᠶᠢᠳᠠᠪᠤᠷᠢᠵᠢᠭᠤᠯᠵᠤ᠂ ᠨᠥᠬᠦᠪᠥᠷᠢ ᠶᠢᠨ ᠪᠠᠯᠠ ᠮᠥᠩᠭᠦ ᠶᠢ ᠠᠮᠤᠷ | ᠲᠦᠪᠰᠢᠨ ᠥᠨᠳᠥᠷ ᠪᠦᠲᠦᠮᠵᠢᠲᠡᠶ ᠪᠠᠷ ᠣᠯᠭᠤᠬᠤ ᠶᠢ ᠦᠨᠡᠨ ᠬᠦ ᠪᠠᠲᠤᠯᠠᠪᠠ᠃ | ᠵᠣᠬᠢᠶᠠᠨ ᠪᠠᠶᠢᠭᠤᠯᠤᠨ ᠪᠠᠶᠢᠷᠢᠯᠠᠭᠤᠯᠵᠤ᠂ ᠲᠥᠪᠯᠡᠷᠡᠭᠦᠯᠦᠨ ᠪᠣᠯᠪᠠᠰᠣᠷᠠᠭᠤᠯᠵᠤ ᠨᠥᠬᠦᠪᠥᠷᠢ ᠶᠢᠨ ᠲᠥᠷᠥ ᠶᠢᠨ | ᠪᠣᠳᠣᠯᠭ᠎ᠠ ᠶᠢ ᠨᠡᠪᠲᠡᠷᠡᠲᠡᠯ᠎ᠡ ᠣᠶᠢᠯᠠᠭᠠᠭᠤᠯᠤᠨ᠎ᠠ᠃ ᠡᠷᠳᠡᠨᠢ ᠰᠢᠰᠢ ᠰᠢᠷ᠎ᠠ ᠪᠤᠷᠴᠠᠭ ᠤᠨ ᠨᠥᠬᠦᠪᠥᠷᠢ ᠶᠢᠨ ᠠᠵᠢᠯ ᠤᠨ | ᠬᠤᠷᠠᠯ ᠢ ᠬᠤᠷᠠᠯᠳᠤᠭᠤᠯᠵᠤ᠂ ᠡᠯ᠎ᠡ ᠲᠣᠰᠬᠤᠨ ᠤ ᠠᠷᠠᠳ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠳᠤ ᠨᠥᠬᠦᠪᠥᠷᠢ | ᠥᠭᠬᠦ ᠵᠠᠷᠴᠢᠮ᠂ ᠨᠥᠬᠦᠪᠥᠷᠢ ᠥᠭᠬᠦ ᠡᠲᠡᠭᠡᠳ᠂ ᠪᠠᠷᠢᠮᠵᠢᠶ᠎ᠠ ᠵᠢᠴᠢ ᠬᠦᠷᠢᠶ᠎ᠡ ᠬᠡᠪᠴᠢᠶ᠎ᠡ ᠶᠢᠨ ᠲᠤᠬᠠᠶ ᠪᠥᠬᠦ | ᠲᠠᠯ᠎ᠠ ᠶᠢᠨ ᠪᠣᠯᠪᠠᠰᠤᠷᠠᠭᠤᠯᠤᠯ ᠬᠢᠵᠦ᠂ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠨᠢᠭᠡᠳᠦᠯᠲᠡᠶ ᠪᠣᠯᠭᠠᠨ᠎ᠠ︔ ᠡᠯ᠎ᠡ | ᠲᠣᠰᠬᠤᠨ ᠤ ᠠᠷᠠᠳ ᠤᠨ ᠭᠤᠶᠤᠴᠢᠯᠠᠨ ᠮᠡᠳᠡᠭᠦᠯᠵᠦ ᠳᠠᠩᠰᠠᠯᠠᠬᠤ᠂ ᠮᠡᠳᠡᠭᠡ ᠵᠠᠩᠭᠢ ᠶᠢ ᠪᠦᠷᠢᠳᠬᠡᠬᠦ᠂ ᠲᠣᠰᠬᠤᠨ ᠤ | ᠱᠠᠲᠤᠨ ᠳᠤ ᠢᠯᠡ ᠨᠡᠶᠢᠲᠡᠯᠡᠬᠦ ᠵᠡᠷᠭᠡ ᠠᠵᠢᠯ ᠤᠨ ᠲᠠᠰ ᠳᠠᠷᠠᠭᠠᠯᠠᠯ ᠢ ᠰᠠᠶᠢᠲᠤᠷ ᠨᠠᠶᠢᠳᠠᠪᠤᠷᠢᠵᠢᠭᠤᠯᠵᠤ᠂ | ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ | ᠬᠡᠷᠡᠭᠲᠡᠶ᠃ | ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠲᠣᠳᠣᠷᠬᠠᠶ ᠲᠡᠮᠳᠡᠭᠯᠡᠭᠰᠡᠨ ᠲᠤᠭ᠎ᠠ ᠪᠠᠷᠢᠮᠲᠠ ᠶᠢ ᠣᠷᠣᠭᠤᠯᠬᠤ | ᠠᠵᠢᠯ ᠢ ᠬᠢᠨᠠᠮᠠᠭᠠᠶ ᠥᠷᠨᠢᠭᠦᠯᠦᠨ᠎ᠡ᠃ ᠰᠠᠭᠤᠷᠢ ᠮᠡᠳᠡᠭᠡ ᠵᠠᠩᠭᠢ ᠶᠢ ᠴᠤᠭᠯᠠᠭᠤᠯᠵᠤ ᠬᠢᠨᠠᠨ ᠬᠠᠷᠭᠤᠭᠤᠯᠬᠤ ᠶᠢ | ᠴᠢᠩᠭᠠᠳᠬᠠᠵᠤ᠂ ᠲᠠᠷᠢᠶᠠᠴᠢᠨ ᠡᠷᠦᠬᠡ ᠶᠢᠨ ᠠᠮᠤ ᠪᠤᠳᠠᠭ᠎ᠠ ᠲᠠᠷᠢᠬᠤ ᠮᠦ ᠶᠢᠨ ᠲᠤᠭ᠎ᠠ ᠶᠢ ᠬᠠᠷᠭᠤᠭᠤᠯᠬᠤ ᠵᠢᠴᠢ | ᠣᠪᠣᠭ ᠨᠡᠷ᠎ᠡ᠂ ᠪᠡᠶ᠎ᠡ ᠶᠢᠨ ᠭᠠᠷᠤᠯ ᠤᠨ ᠮᠡᠳᠡᠭᠡ ᠵᠠᠩᠭᠢ᠂ ᠪᠦᠬᠦᠨ ᠳᠤ ᠲᠣᠬᠢᠷᠠᠬᠤ ᠺᠠᠷᠲ ᠤᠨ ᠳᠠᠩᠰᠠᠨ ᠤ ᠨᠣᠮᠧᠷ ᠢ | ᠬᠢᠨᠠᠨ ᠪᠠᠶᠢᠴᠠᠭᠠᠬᠤ ᠶᠢ ᠭᠤᠤᠯᠳᠠᠯᠭ᠎ᠠ ᠲᠠᠢ ᠴᠢᠩᠭᠠᠳᠬᠠᠵᠤ᠂ ᠲᠠᠷᠢᠶᠠᠴᠢᠨ ᠡᠷᠦᠬᠡ ᠶᠢᠨ ᠰᠠᠭᠤᠷᠢ ᠮᠡᠳᠡᠭᠡ | ᠵᠠᠩᠭᠢ ᠶᠢᠨ ᠵᠥᠪ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠵᠤ᠂ ᠲᠠᠷᠢᠶᠠᠨ ᠭᠠᠵᠠᠷ ᠤᠨ ᠬᠦᠴᠦᠨ ᠤ | ᠬᠠᠮᠠᠭᠠᠯᠠᠯᠲᠠ ᠶᠢᠨ ᠨᠥᠬᠦᠪᠥᠷᠢ ᠶᠢᠨ ᠨᠠᠷᠢᠨ ᠲᠠᠩᠰᠠ ᠶᠢ ᠴᠠᠭ ᠲᠤᠬᠠᠶ ᠳᠤᠨᠢ ᠣᠷᠣᠭᠤᠯᠵᠤ᠂ ᠨᠥᠬᠦᠪᠥᠷᠢ ᠶᠢᠨ ᠪᠠᠯᠠ | ᠮᠥᠩᠭᠦ ᠶᠢ ᠴᠠᠭ ᠲᠤᠬᠠᠶ ᠳᠤᠨᠢ ᠪᠣᠳᠠᠲᠠᠶᠢᠵᠢᠭᠤᠯᠬᠤ ᠳᠤ ᠰᠠᠭᠤᠷᠢ ᠲᠠᠯᠪᠢᠬᠤ ᠬᠡᠷᠡᠭᠲᠡᠶ᠃ | ᠳᠡᠰ ᠳᠠᠷᠠᠭᠠᠯᠠᠯ ᠢ ᠴᠢᠩᠭ᠎ᠠ ᠰᠠᠬᠢᠵᠤ᠂ ᠢᠯᠡ ᠨᠡᠶᠢᠲᠡᠯᠡᠬᠦ ᠶᠢ ᠪᠣᠲᠠᠲᠠᠶᠢᠵᠢᠭᠤᠯᠤᠨ ᠨᠠᠶᠢᠳᠠᠪᠤᠷᠢᠵᠢᠭᠤᠯᠤᠨ᠎ᠠ᠃ | ᠡᠯ᠎ᠡ ᠲᠣᠰᠬᠤᠨ ᠤ ᠰᠠᠭᠤᠭᠠᠯᠢ ᠠᠷᠠᠳ ᠤᠨ ᠬᠤᠶᠠᠷ ᠵᠥᠪᠯᠡᠯ ᠵᠢᠴᠢ ᠲᠣᠰᠬᠤᠨ ᠳᠤ ᠰᠠᠭᠤᠭ᠎ᠠ ᠠᠵᠢᠯᠯᠠᠬᠤ | ᠠᠩᠭᠢ ᠶᠢᠨ ᠬᠢᠨ ᠠᠮᠤ ᠪᠤᠳᠠᠭ᠎ᠠ ᠳᠠᠷᠢᠬᠤ ᠲᠠᠯᠠᠪᠠᠶ ᠵᠢᠴᠢ ᠲᠠᠷᠢᠶᠠᠨ ᠭᠠᠵᠠᠷ ᠲᠤ ᠲᠤᠬᠠᠶ ᠶᠢᠨ ᠭᠠᠵᠠᠷ ᠲᠤᠨᠢ | ᠬᠡᠮᠵᠢᠯᠲᠡ ᠬᠢᠵᠦ᠂ ᠰᠠᠭᠤᠷᠢ ᠲᠤᠭ᠎ᠠ ᠶᠢ ᠲᠣᠳᠣᠷᠬᠠᠶ ᠤᠶᠢᠯᠠᠭᠠᠨ᠂ ᠭᠠᠴᠠᠭ᠎ᠠ ᠪᠠᠷ ᠵᠠᠷᠯᠠᠨ ᠨᠡᠶᠢᠲᠡᠯᠡᠵᠦ ᠭᠠᠴᠠᠭ᠎ᠠ | ᠳᠤᠭᠤᠶᠢᠯᠠᠩ ᠳᠤ ᠬᠦᠷᠴᠦ᠂ ᠲᠣᠰᠬᠤᠨ ᠳᠤᠭᠤᠶᠢᠯᠠᠩ ᠳᠤ ᠵᠠᠷᠯᠠᠨ ᠨᠡᠶᠢᠲᠡᠯᠡᠵᠦ᠂ ᠣᠯᠠᠨ ᠲᠦᠮᠡᠨ ᠤ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠵᠠᠷᠯᠠᠨ ᠨᠡᠶᠢᠲᠡᠯᠡᠭᠰᠡᠨ ᠲᠠᠯᠠᠪᠠᠶ ᠨᠢ ᠪᠣᠳᠠᠲᠠᠶ ᠨᠥᠬᠦᠪᠥᠷᠢ ᠥᠭᠬᠦ ᠲᠠᠯᠠᠪᠠᠶ ᠲᠠᠢ | ᠨᠢᠭᠡᠳᠦᠯᠲᠡᠶ ᠪᠠᠶᠢᠬᠤ ᠶᠢ ᠦᠨᠡᠨᠬᠦ ᠪᠠᠲᠤᠯᠠᠪᠠ᠃ ᠴᠤᠪᠤᠷᠠᠯ ᠢᠶᠠᠷ ᠠᠵᠢᠯᠯᠠᠭᠤᠯᠬᠤ᠂ ᠱᠠᠭᠠᠷᠳᠠᠯᠭ᠎ᠠ ᠶᠣᠰᠣᠭᠠᠷ ᠢᠯᠡ | ᠨᠡᠶᠢᠲᠡᠯᠡᠬᠦ᠂ ᠲᠣᠭᠲᠠᠭᠠᠯ ᠶᠣᠰᠣᠭᠠᠷ ᠪᠣᠭᠤᠮᠲᠠ ᠰᠠᠬᠢᠬᠤ᠂ ᠪᠠᠷᠢᠮᠵᠢᠶ᠎ᠠ ᠪᠠᠷ ᠣᠯᠭᠤᠬᠤ ᠶᠢ ᠪᠡᠶᠡᠯᠡᠭᠦᠯᠬᠦ ᠬᠡᠷᠡᠭᠲᠡᠢ᠃ |