| ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠵᠢᠯᠯᠠᠭ᠎ᠠ ᠶᠢ ᠵᠢᠷᠤᠮᠵᠢᠭᠤᠯᠤᠨ᠂ ᠢᠳᠡᠭᠡᠨ ᠪᠠ ᠡᠮ ᠤᠨ | ᠵᠦᠢᠯ ᠤᠨ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠠᠷᠠᠳ ᠤᠯᠠᠨ ᠤ ᠢᠳᠡᠭᠡᠨ ᠤᠮᠳᠠᠭᠠᠨ | ᠪᠠ ᠡᠮ ᠬᠡᠷᠡᠭᠯᠡᠬᠦ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠰᠠᠨᠠᠭ᠎ᠠ ᠠᠮᠤᠷ ᠬᠡᠷᠡᠭᠯᠡᠭᠡ ᠬᠢᠬᠦ | ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠨ᠎ᠠ᠃ ᠣᠶᠢᠷ᠎ᠠ ᠳᠤ᠂ ᠰᠢᠶᠠ ᠸᠠ ᠪᠠᠯᠭᠠᠰᠤᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠪᠥᠬᠦ ᠪᠠᠯᠭᠠᠰᠤᠨ ᠤ ᠬᠡᠪᠴᠢᠶᠡᠨ ᠳᠤ ᠢᠳᠡᠭᠡᠨ ᠤ ᠵᠦᠢᠯ ᠡᠮ ᠤᠨ | ᠵᠦᠢᠯ ᠤᠨ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢ ᠥᠷᠨᠢᠭᠦᠯᠪᠡ᠃ | ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠢᠳᠡᠭᠡᠨ ᠤ ᠡᠵᠡᠩᠨᠡᠯᠲᠡ ᠶᠢᠨ ᠭᠤᠤᠯ | ᠴᠣᠭᠴᠠ ᠳᠤ ᠢᠳᠡᠭᠡᠨ ᠤ ᠬᠤᠭᠤᠴᠠᠭ᠎ᠠ ᠨᠢ ᠥᠩᠭᠡᠷᠡᠭᠰᠡᠨ ᠂ ᠴᠢᠨᠠᠷ ᠬᠤᠪᠢᠷᠠᠭᠰᠠᠨ᠂ ᠬᠠᠭᠤᠷᠮᠠᠭ ᠮᠠᠭᠤ᠂ ︽ | ᠭᠤᠷᠪᠠ ᠥᠬᠡᠶ︾ ᠢᠳᠡᠭᠡᠨ ᠪᠠᠶᠢᠬᠤ ᠡᠰᠡᠬᠦ ᠵᠡᠷᠭᠡ ᠪᠠᠶᠢᠳᠠᠯ ᠣᠷᠣᠰᠢᠵᠤ ᠪᠠᠶᠢᠬᠤ ᠡᠰᠡᠬᠦ᠂ ᠡᠵᠡᠩᠨᠡᠯᠲᠡ ᠶᠢᠨ ᠭᠤᠤᠯ | ᠴᠣᠭᠴᠠ ᠳᠤ ᠡᠷᠡᠭᠦᠯ ᠮᠡᠨᠳᠦ ᠶᠢᠨ ᠦᠨᠡᠮᠯᠡᠯ ᠪᠠᠶᠢᠬᠤ ᠡᠰᠡᠬᠦ ᠵᠢᠴᠢ ᠡᠯ᠎ᠡ ᠲᠥᠷᠥᠯ ᠤᠨ ᠦᠨᠡᠮᠯᠡᠯ ᠤᠨ | ᠬᠤᠭᠤᠴᠠᠭ᠎ᠠ ᠨᠢ ᠲᠤᠯᠤᠭᠰᠠᠨ ᠡᠰᠡᠬᠦ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠨ ᠦᠵᠡᠪᠡ︔ ᠡᠮ ᠤᠨ | ᠵᠦᠢᠯ ᠤᠨ ᠭᠦᠢᠯᠭᠡᠭᠡᠨ ᠤ ᠵᠠᠩᠭᠢᠯᠠᠭ᠎ᠠ ᠶᠢᠨ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠲᠥᠷᠥᠯ | ᠵᠦᠢᠯ᠂ ᠬᠤᠳᠠᠯᠳᠤᠨ ᠣᠷᠣᠭᠤᠯᠬᠤ ᠠᠷᠭ᠎ᠠ ᠵᠠᠮ᠂ ᠬᠥᠯᠳᠡᠭᠡᠵᠦ ᠬᠡᠯᠬᠢᠶᠡᠵᠢᠭᠦᠯᠬᠦ ᠬᠠᠮᠢᠶᠠᠷᠤᠯᠲᠠ᠂ ᠡᠮ ᠤᠨ ᠵᠦᠢᠯ ᠢ | ᠬᠠᠳᠠᠭᠠᠯᠠᠬᠤ ᠨᠥᠬᠦᠴᠡᠯ ᠵᠡᠷᠭᠡ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠵᠦ᠂ ᠡᠮ ᠤᠨ ᠵᠦᠢᠯ ᠤᠨ | ᠡᠵᠡᠩᠨᠡᠯᠲᠡ ᠶᠢᠨ ᠭᠤᠤᠯ ᠴᠣᠭᠴᠠ ᠶᠢᠨ ᠡᠵᠡᠩᠨᠡᠯᠲᠡ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠦᠮᠵᠢᠭᠦᠯᠪᠡ᠃ | | ᠲᠣᠰ ᠤᠳᠠᠭᠠᠨ ᠤ ᠪᠠᠶᠢᠴᠠᠭᠠᠯᠲᠠ ᠪᠠᠷ ᠳᠡᠮᠵᠢᠨ᠂ ᠠᠮᠤᠷ ᠲᠦᠪᠰᠢᠨ ᠤ ᠬᠡᠮ ᠰᠣᠭᠤᠭ ᠢ ᠤᠯᠠᠮ ᠨᠢᠭᠡ ᠠᠯᠬᠤᠮ | ᠠᠷᠢᠯᠭᠠᠵᠤ᠂ ᠬᠠᠷᠢᠶᠠᠲᠤ ᠣᠷᠣᠨ ᠤ ᠢᠳᠡᠭᠡᠨ ᠤ ᠵᠦᠢᠯ᠂ ᠡᠮ ᠤᠨ ᠵᠦᠢᠯ ᠤᠨ ᠡᠵᠡᠩᠨᠡᠯᠲᠡ ᠶᠢᠨ ᠠᠵᠢᠯᠲᠠᠨ ᠤ | ᠬᠠᠷᠢᠭᠤᠴᠠᠯᠭ᠎ᠠ ᠶᠢᠨ ᠤᠬᠠᠮᠰᠠᠷ ᠢ ᠨᠡᠮᠡᠭᠳᠡᠭᠦᠯᠦᠨ᠂ ᠢᠳᠡᠭᠡᠨ ᠤ ᠵᠦᠢᠯ᠂ ᠡᠮ ᠤᠨ ᠵᠦᠢᠯ ᠤᠨ ᠠᠮᠤᠷ ᠲᠦᠪᠰᠢᠨ ᠤ | ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠵᠦ᠂ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ | ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃ |