ᠠᠤᠬᠠᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠥᠨᠳᠥᠷ ᠨᠠᠰᠤᠨ ᠤ ᠨᠡᠮᠡᠭᠦᠷᠢ ᠣᠯᠭᠤᠬᠤ ᠠᠵᠢᠯ ᠢ ᠰᠠᠶᠢᠲᠤᠷ  ᠬᠢᠨ᠎ᠡ
ᠨᠡᠶᠢᠲᠡᠯᠡᠭᠰᠡᠨ ᠴᠠᠭ᠄
2023/9/18
     ᠨᠠᠰᠤᠵᠢᠯ ᠤᠨ ᠪᠠᠲᠤᠯᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠠᠰᠤᠲᠠᠶᠢᠴᠤᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠠᠤᠬᠠᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠨᠠᠰᠤᠲᠠᠶᠢᠴᠤᠳ ᠲᠤ ᠦᠢᠯᠡᠴᠢᠯᠡᠬᠦ ᠲᠥᠷᠥ ᠶᠢᠨ ᠪᠣᠳᠣᠯᠭ᠎ᠠ ᠶᠢ ᠬᠢᠨᠠᠮᠠᠭᠠᠶ  ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠨᠳᠥᠷ ᠨᠠᠰᠤᠨ ᠤ ᠨᠡᠮᠡᠭᠦᠷᠢ ᠣᠯᠭᠤᠬᠤ ᠠᠵᠢᠯ ᠢ ᠰᠠᠶᠢᠲᠤᠷ  ᠠᠳᠬᠤᠨ᠎ᠠ᠃     ᠨᠢᠭᠡ ᠳᠤ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ  ᠶᠢ ᠴᠢᠩᠭᠠᠳᠬᠠᠨ᠎ᠠ᠃  ᠬᠤᠷᠠᠯ  ᠬᠤᠷᠠᠯᠳᠤᠬᠤ ᠪᠠᠷ ᠳᠠᠮᠵᠢᠭᠤᠯᠤᠨ᠂ ᠲᠧᠯᠸᠢᠰ᠂ ᠰᠦᠯᠵᠢᠶ᠎ᠡ᠂ ᠢᠯᠡ ᠨᠡᠶᠢᠲᠡᠯᠡᠬᠦ ᠫᠠᠶᠢᠰᠠ᠂ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠵᠡᠷᠭᠡ ᠣᠯᠠᠨ ᠵᠦᠢᠯ ᠤᠨ ᠬᠡᠯᠪᠡᠷᠢ ᠶᠢ ᠠᠰᠢᠭᠯᠠᠨ᠂ ᠥᠨᠳᠥᠷ ᠨᠠᠰᠤᠨ ᠤ ᠨᠡᠮᠡᠭᠦᠷᠢ ᠣᠯᠭᠤᠬᠤ ᠬᠡᠪᠴᠢᠶ᠎ᠡ᠂ ᠭᠤᠶᠤᠴᠢᠯᠠᠬᠤ ᠶᠠᠪᠤᠴᠠ᠂ ᠨᠡᠮᠡᠭᠦᠷᠢ ᠮᠥᠩᠭᠦ ᠶᠢᠨ ᠪᠠᠷᠢᠮᠵᠢᠶ᠎ᠠ᠂ ᠮᠡᠳᠡᠭᠦᠯᠬᠦ ᠲᠠᠰ ᠳᠠᠷᠠᠭᠠᠯᠠᠯ ᠵᠡᠷᠭᠡ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠶᠡᠬᠡᠪᠡᠷ ᠤᠬᠠᠭᠤᠯᠤᠨ᠎ᠠ︔ ᠰᠢᠶᠠᠩ ᠪᠠᠯᠭᠠᠰᠤ ᠶᠢᠨ ᠠᠷᠠᠳ ᠤᠨ ᠶᠠᠪᠤᠳᠠᠯ ᠤᠨ ᠠᠯᠪᠠᠨ ᠬᠡᠷ᠂ ᠲᠣᠰᠬᠤᠨ ︵ᠨᠡᠶᠢᠭᠡᠮ ᠲᠣᠭᠤᠷᠢᠭ︶ ᠤ ᠺᠠᠳ᠋ᠷᠴᠤᠳ ᠤᠨ ᠢᠳᠡᠪᠬᠢ   ᠦᠢᠯᠡᠳᠦᠯ ᠢ  ᠭᠦᠢᠴᠡᠳ ᠪᠠᠳᠠᠷᠠᠭᠤᠯᠵᠤ᠂ ᠥᠨᠳᠥᠷ ᠨᠠᠰᠤᠨ ᠤ ᠨᠡᠮᠡᠭᠦᠷᠢ ᠣᠯᠭᠤᠬᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠨᠡᠶᠢᠭᠡᠮ ᠤᠨ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃     ᠬᠤᠶᠠᠷ ᠲᠤ  ᠂ ᠲᠥᠷᠥ ᠶᠢᠨ ᠪᠣᠳᠣᠯᠭ᠎ᠠ ᠶᠢᠨ ᠲᠠᠰ ᠳᠠᠷᠠᠭᠠᠯᠠᠯ ᠢ ᠴᠢᠩᠭᠠᠳᠬᠠᠨ᠎ᠠ  ᠃ ︽ᠬᠤᠪᠢ ᠬᠥᠮᠦᠨ ᠮᠡᠳᠡᠭᠦᠯᠬᠦ᠂ ᠲᠣᠰᠬᠤᠨ ︵ᠨᠡᠶᠢᠭᠡᠮ ᠲᠣᠭᠤᠷᠢᠭ︶  ᠠᠩᠬ᠎ᠠ ᠬᠢᠨᠠᠬᠤ᠂ ᠰᠢᠶᠠᠩ ᠪᠠᠯᠭᠠᠰᠤ ᠶᠢᠨ ᠠᠷᠠᠳ ᠤᠨ ᠶᠠᠪᠤᠳᠠᠯ ᠤᠨ ᠠᠯᠪᠠᠨ ᠬᠡᠷ ᠳᠠᠬᠢᠨ ᠬᠢᠨᠠᠬᠤ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠬᠢᠨᠠᠨ ᠵᠥᠪᠰᠢᠶᠡᠷᠡᠬᠦ︾ ᠲᠠᠰ ᠳᠠᠷᠠᠭᠠᠯᠠᠯ ᠢ ᠴᠢᠩᠭ᠎ᠠ ᠵᠢᠷᠤᠮᠯᠠᠨ᠂ ᠬᠠᠭᠠᠰ ᠵᠢᠯ ᠳᠤ ᠨᠢᠭᠡ ᠤᠳᠠᠭ᠎ᠠ ᠲᠥᠪᠯᠡᠷᠡᠭᠦᠯᠦᠨ ᠮᠡᠳᠡᠭᠦᠯᠵᠦ ᠬᠢᠨᠠᠨ ᠬᠠᠷᠭᠤᠭᠤᠯᠵᠤ᠂ ᠨᠥᠬᠦᠴᠡᠯ ᠳᠤ ᠨᠡᠶᠢᠴᠡᠭᠰᠡᠨ ᠢ ᠨᠢ ᠴᠠᠭ ᠲᠤᠬᠠᠶ ᠳᠤᠨᠢ ᠣᠷᠣᠭᠤᠯᠤᠨ᠂ ᠨᠢᠭᠡᠨᠲᠡ ᠨᠠᠰᠤ ᠪᠠᠷᠠᠭᠰᠠᠨ ᠪᠠᠶᠢᠪᠠᠯ ᠴᠠᠭ ᠲᠤᠬᠠᠶ ᠳᠤᠨᠢ ᠲᠠᠩᠰᠠᠨ ᠠᠴᠠ ᠭᠠᠷᠭᠠᠵᠤ᠂ ᠣᠷᠣᠭᠤᠯᠵᠤ ᠭᠠᠷᠭᠠᠬᠤ ᠨᠢ ᠡᠮᠬᠢ ᠵᠢᠷᠤᠮ ᠲᠠᠢ᠂ ᠲᠠᠷᠬᠠᠭᠠᠪᠠᠰᠤ ᠵᠣᠬᠢᠬᠤ ᠶᠢ ᠨᠢ ᠪᠦᠬᠦᠨ ᠢ ᠲᠠᠷᠬᠠᠭᠠᠬᠤ ᠶᠢ ᠦᠨᠡᠨᠬᠦ  ᠪᠡᠶᠡᠯᠡᠭᠦᠯᠦᠨ᠎ᠡ᠃     ᠭᠤᠷᠪᠠ ᠳᠤ  ᠂  ᠬᠢᠨᠠᠵᠤ ᠬᠠᠮᠢᠶᠠᠷᠬᠤ ᠶᠢ ᠴᠢᠩᠭᠠᠳᠬᠠᠨ᠎ᠠ᠃ ᠥᠨᠳᠥᠷ ᠨᠠᠰᠤᠨ  ᠤ ᠨᠡᠮᠡᠭᠦᠷᠢ ᠶᠢ ᠭᠤᠶᠤᠴᠢᠯᠠᠨ ᠮᠡᠳᠡᠭᠦᠯᠦᠭᠰᠡᠨ ᠬᠥᠮᠦᠰ ᠲᠤ ᠴᠠᠭ ᠲᠤᠬᠠᠶ   ᠳᠤᠨᠢ ᠬᠥᠮᠦᠰ ᠢ ᠵᠣᠬᠢᠶᠠᠨ ᠪᠠᠶᠢᠭᠤᠯᠤᠨ ᠬᠢᠨᠠᠨ ᠪᠠᠶᠢᠴᠠᠭᠠᠵᠤ᠂ ᠣᠯᠭᠤᠬᠤ ᠡᠲᠡᠭᠡᠳ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠤᠷᠪᠤᠯᠵᠢᠯᠠᠵᠤ᠂ ᠥᠨᠳᠥᠷ ᠨᠠᠰᠤᠨ  ᠤ ᠨᠡᠮᠡᠭᠦᠷᠢ ᠶᠢ ᠣᠯᠭᠤᠬᠤ ᠠᠵᠢᠯ  ᠤᠨ ᠣᠨᠣᠪᠴᠢᠲᠠᠶ᠂ ᠴᠠᠭ ᠲᠤᠬᠠᠶ ᠳᠤᠨᠢ ᠬᠢᠬᠦ ᠶᠢ ᠦᠨᠡᠨᠬᠦ  ᠪᠠᠲᠤᠯᠠᠨ᠎ᠠ  ᠃᡾ ︽ᠡᠳ᠋ ᠤᠨ ᠵᠠᠰᠠᠭ ᠠᠴᠠ ᠰᠠᠯᠭᠠᠨ ᠥᠭᠬᠦ᠂ ᠪᠠᠩᠬᠢ ᠠᠴᠠ ᠣᠷᠣᠯᠠᠨ ᠣᠯᠭᠤᠬᠤ︾ ᠠᠷᠭ᠎ᠠ ᠮᠠᠶ᠋ᠢᠭ ᠢ ᠠᠪᠴᠤ ᠪᠠᠶᠢᠭᠠᠳ ᠥᠨᠳᠥᠷ ᠨᠠᠰᠤᠨ ᠤ ᠨᠡᠮᠡᠭᠦᠷᠢ ᠶᠢ ᠭᠥᠷᠳᠡᠭᠰᠡᠳ ᠤᠨ ᠺᠠᠷᠲ ᠲᠤ ᠰᠢᠭᠤᠳ ᠣᠯᠭᠤᠵᠤ᠂ ᠥᠨᠳᠥᠷ ᠨᠠᠰᠤᠨ ᠤ ᠨᠡᠮᠡᠭᠦᠷᠢ ᠶᠢᠨ ᠪᠠᠯᠠ ᠮᠥᠩᠭᠦ ᠶᠢᠨ ᠠᠵᠢᠯᠯᠠᠭᠠᠨ ᠤ ᠠᠮᠤᠷ ᠲᠦᠪᠰᠢᠨ᠂ ᠢᠯᠡ ᠲᠣᠳᠣ ᠪᠠᠶᠢᠬᠤ ᠶᠢ ᠦᠨᠡᠨᠬᠦ  ᠪᠠᠲᠤᠯᠠᠨ᠎ᠠ᠃ 2023 ᠣᠨ ᠤ 9 ᠰᠠᠷ᠎ᠠ ᠪᠣᠯᠲᠠᠯ᠎ᠠ᠂ ᠪᠦᠭᠦ ᠬᠤᠰᠢᠭᠤᠨ ᠤ 10990 ᠪᠦᠬᠦᠯᠢ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ  992.63 ᠲᠦᠮᠡᠨ ᠲᠥᠭᠦᠷᠢᠭ ᠤᠨ ᠥᠨᠳᠥᠷ ᠨᠠᠰᠤᠨ ᠤ ᠨᠡᠮᠡᠭᠦᠷᠢ  ᠣᠯᠭᠤᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号