| ᠨᠢᠭᠡ ᠳᠤ ᠂ ᠠᠵᠤ ᠦᠢᠯᠡᠳᠪᠦᠷᠢ ᠶᠢᠨ ᠠᠵᠤ ᠠᠬᠤᠶ ᠶᠢᠨ ᠬᠤᠪᠢ ᠨᠡᠮᠡᠷᠢ ᠶᠢᠨ ᠨᠤᠷᠮ᠎ᠠ ᠲᠠᠰᠤᠷᠠᠯᠲᠠ ᠦᠭᠡᠢ | ᠳᠡᠭᠡᠭᠰᠢᠯᠡᠪᠡ᠃ 8 ᠰᠠᠷ᠎ᠠ ᠶᠢᠨ ᠰᠡᠭᠦᠯᠴᠢ ᠪᠣᠯᠲᠠᠯ᠎ᠠ᠂ ᠠᠤᠬᠠᠨ ᠬᠤᠰᠢᠭᠤᠨ ᠤ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ 41.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.45% | ᠨᠡᠮᠡᠭᠳᠡᠪᠡ︔ ᠬᠡᠪᠴᠢᠶᠡᠵᠢᠯ ᠠᠴᠠ ᠳᠡᠭᠡᠭᠰᠢᠬᠢ 29 ᠠᠵᠤ ᠦᠢᠯᠡᠳᠪᠦᠷᠢ ᠶᠢᠨ ᠠᠵᠤ ᠠᠬᠤᠶᠢᠯᠠᠯ ᠪᠦᠬᠦᠨ ᠢᠶᠠᠷ ᠢᠶᠠᠨ | ᠠᠰᠢᠭᠯᠠᠯᠲᠠ ᠳᠤ ᠣᠷᠣᠵᠤ ᠠᠵᠢᠯᠯᠠᠪᠠ᠃ | ᠬᠤᠶᠠᠷ ᠲᠤ ᠂ ᠲᠤᠯᠭᠠᠭᠤᠷᠢ ᠠᠵᠤ ᠦᠢᠯᠡᠰ ᠤᠨ ᠬᠡᠪᠴᠢᠶ᠎ᠡ ᠶᠢ ᠶᠡᠭᠡ ᠪᠠᠷ ᠳᠡᠭᠡᠭᠰᠢᠯᠡᠭᠦᠯᠪᠡ᠃ | ᠤᠯᠠᠭᠠᠨᠬᠠᠳᠠ ᠶᠢᠨ ᠵᠢᠯᠦ᠋ᠩ ᠠᠭᠤᠷᠬᠠᠶ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠵᠤᠸᠠᠨ | ᠱᠠᠨ ᠽᠢ ᠠᠯᠲᠠᠨ ᠤ ᠠᠭᠤᠷᠬᠠᠶ ᠶᠢᠨ ᠵᠢᠯ ᠳᠤ 18 ᠲᠦᠮᠡᠨ ᠲᠣᠨ ᠠᠯᠲᠠᠨ ᠤ ᠬᠦᠳᠡᠷ ᠰᠣᠩᠭᠤᠵᠤ ᠥᠷᠭᠡᠳᠬᠡᠨ | ᠪᠠᠶᠢᠭᠤᠯᠬᠤ ᠲᠥᠷᠥᠯ ᠵᠦᠢᠯ ᠢ ᠰᠢᠨ᠎ᠡ ᠪᠠᠷ ᠨᠡᠮᠡᠭᠳᠡᠭᠦᠯᠵᠦ᠂ ᠬᠤᠸᠠ ᠷᠦᠢ ᠰᠠᠯᠬᠢᠨ ᠬᠦᠴᠦᠨ ᠤ ᠴᠠᠬᠢᠯᠭᠠᠨ ᠤ | ᠰᠢᠨᠵᠢᠯᠡᠬᠦ ᠤᠬᠠᠭᠠᠨ ᠮᠡᠷᠭᠡᠵᠢᠯ ︵ᠠᠤᠬᠠᠨ ᠬᠤᠰᠢᠭᠤ︶ ᠤᠨ ᠬᠢᠵᠠᠭᠠᠷᠲᠤ ᠺᠣᠮᠫᠠᠨᠢ ᠶᠢᠨ ᠵᠢᠯ ᠳᠤ 100 ᠲᠦᠮᠡᠨ | ᠺᠢᠯᠣᠸᠠᠲ ᠤᠨ ᠬᠠᠭᠤᠷᠠᠶ ᠳᠡᠭᠡᠷᠡᠬᠢ ᠰᠠᠯᠬᠢᠨ ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠦᠢᠯᠡᠳᠪᠦᠷᠢᠯᠡᠵᠦ᠂ ᠤᠯᠠᠭᠠᠨᠬᠠᠳᠠ ᠶᠢᠨ ᠯᠦᠩ ᠲᠠᠢ ᠳ᠋ᠢ ᠳᠠᠮᠵᠢᠭᠤᠯᠬᠤ | ᠬᠤᠭᠤᠯᠠᠶ ᠶᠢᠨ ᠪᠣᠷᠣᠯᠠᠭᠤᠯᠭ᠎ᠠ ᠶᠢᠨ ᠬᠢᠵᠠᠭᠠᠷᠲᠤ ᠺᠣᠮᠫᠠᠨᠢ ᠶᠢᠨ ᠵᠢᠯ ᠳᠤ 20 ᠲᠦᠮᠡᠨ ᠲᠣᠨ ᠦᠢᠯᠡᠳᠪᠦᠷᠢᠯᠡᠬᠦ | ᠳᠠᠷᠤᠯᠲᠠᠲᠤ ᠳᠠᠮᠵᠢᠭᠤᠯᠬᠤ ᠬᠤᠭᠤᠯᠠᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠠᠤᠬᠠᠨ | ᠬᠤᠰᠢᠭᠤᠨ ᠤ ᠷᠦᠢ ᠢᠦᠶ ᠠᠭᠤᠷᠬᠠᠶ ᠶᠢᠨ ᠦᠢᠯᠡᠰ ᠤᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ | ᠦᠢᠯᠡᠳᠪᠦᠷᠢ ᠰᠣᠩᠭᠤᠬᠤ ᠦᠢᠯᠡᠳᠪᠦᠷᠢ ᠶᠢᠨ ᠲᠠᠰᠤᠭ ᠤᠨ ᠦᠯᠡᠳᠡᠭᠳᠡᠯ ᠬᠦᠳᠡᠷ ᠤᠨ ᠬᠥᠮᠥᠷᠭᠡ ᠶᠢᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ᠂ ᠱᠢ ᠶᠤᠸᠠᠢ ᠳ᠋ᠣᠣ ᠲᠢᠶᠠᠨ ︵ᠠᠣᠬᠠᠨ ᠬᠤᠰᠢᠭᠤ︶ ᠲᠠᠷᠢᠶᠠᠯᠠᠩ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠢᠯ ᠳᠤ 7 ᠲᠦᠮᠡᠨ ᠲᠣᠨ ᠨᠠᠷᠢᠮᠤ ᠶᠢᠨ | ᠦᠢᠯᠡᠳᠪᠦᠷᠢᠯᠡᠯ ᠤᠨ ᠱᠤᠭᠤᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠵᠡᠷᠭᠡ ᠲᠥᠷᠥᠯ ᠵᠦᠢᠯ ᠨᠢ | ᠠᠤᠬᠠᠨ ᠬᠤᠰᠢᠭᠤᠨ ᠤ ᠠᠵᠤ ᠦᠢᠯᠡᠰ ᠤᠨ ᠲᠥᠪᠯᠡᠷᠡᠯ ᠳᠤ ᠴᠢᠬᠤᠯᠠ ᠶᠡᠭᠡ ᠠᠬᠢᠭᠤᠯᠬᠤ ᠦᠢᠯᠡᠳᠦᠯ ᠦᠵᠡᠭᠦᠯᠬᠦ | ᠪᠣᠯᠤᠨ᠎ᠠ᠃ | ᠭᠤᠷᠪᠠ ᠳᠤ ᠂ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠡᠳᠦᠷ ᠠᠴᠠ ᠡᠳᠦᠷ ᠰᠢᠨᠡᠳᠬᠡᠪᠡ | ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠵᠦ᠂ ᠬᠥᠩᠭᠡᠨ ᠠᠵᠤ ᠦᠢᠯᠡᠳᠪᠦᠷᠢ ᠶᠢᠨ ᠦᠢᠯᠡᠳᠬᠦ ᠠᠵᠤ ᠦᠢᠯᠡᠰ ᠤᠨ ᠬᠦᠷᠢᠶᠡᠯᠡᠩ᠂ ᠰᠦ ᠶᠢᠨ | ᠦᠢᠯᠡᠰ ᠤᠨ ᠠᠵᠤ ᠦᠢᠯᠡᠰ ᠤᠨ ᠬᠦᠷᠢᠶᠡᠯᠡᠩ ᠢ ᠲᠥᠯᠥᠪᠵᠢᠭᠦᠯᠦᠨ ᠪᠥᠲᠥᠭᠡᠨ ᠪᠠᠶᠢᠭᠤᠯᠵᠤ᠂ ᠴᠡᠪᠡᠷ ᠡᠨᠧᠷᠭᠢ᠂ | ᠲᠣᠨᠤᠭ ᠲᠥᠬᠦᠭᠡᠷᠦᠮᠵᠢ ᠦᠢᠯᠡᠳᠬᠦ ᠵᠡᠷᠭᠡ ᠠᠵᠤ ᠦᠢᠯᠡᠰ ᠤᠨ ᠰᠦᠷᠦᠭᠵᠢᠯ ᠢ ᠪᠥᠬᠦ ᠬᠦᠴᠦᠨ ᠢᠶᠠᠷ ᠢᠶᠠᠨ ᠪᠣᠶ | ᠪᠣᠯᠭᠠᠨ᠎ᠠ᠃ ᠥᠪᠥᠷ ᠮᠣᠩᠭᠤᠯ ᠤᠨ ᠨᠦᠩ ᠯᠣᠣ ᠲᠧᠦ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠱᠤᠸᠠᠩ | ᠴᠤᠸᠠᠩ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ | ᠨᠣᠮᠧᠷᠲᠤ ᠦᠢᠯᠡᠳᠪᠦᠷᠢ ᠶᠢᠨ ᠪᠠᠶᠢᠰᠢᠩ ᠤᠨ ᠰᠢᠯᠦᠬᠡᠶ ᠡᠷᠳᠡᠨᠢ ᠰᠢᠰᠢ ᠵᠢᠮᠢᠰ ᠪᠣᠯᠪᠠᠰᠤᠷᠠᠭᠤᠯᠬᠤ ᠲᠥᠷᠥᠯ ᠵᠦᠢᠯ᠂ | ᠤᠯᠠᠭᠠᠨᠬᠠᠳᠠ ᠶᠢᠨ ᠮᠧᠩ ᠴᠠᠩ ᠮᠢᠬᠠᠨ ᠢᠳᠡᠭᠡᠨ ᠪᠣᠷᠣᠯᠠᠭᠤᠯᠬᠤ ᠬᠢᠵᠠᠭᠠᠷᠲᠤ ᠺᠣᠮᠫᠠᠨᠢ ᠶᠢᠨ ᠢᠳᠡᠰᠢᠨ ᠬᠤᠨᠢ | ᠨᠢᠲᠤᠯᠬᠤ ᠵᠢᠴᠢ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠲᠦᠷᠦᠯ ᠵᠦᠢᠯ᠂ ᠥᠪᠥᠷ ᠮᠣᠩᠭᠤᠯ ᠤᠨ ᠱᠠ ᠮᠥᠸᠧ | ᡁᠢ ᠬᠤᠸᠠ ᠠᠮᠢ ᠠᠬᠤᠢ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ | ᠵᠢᠯ ᠳᠤ 3 ᠲᠦᠮᠡᠨ ᠲᠣᠨ ᠬᠦᠢᠯᠡᠰᠦᠨ ᠴᠥᠮ᠎ᠡ ᠶᠢᠨ ᠤᠮᠳᠠᠭᠠᠨ ᠦᠢᠯᠡᠳᠪᠦᠷᠢᠯᠡᠬᠦ᠂ 1 ᠲᠦᠮᠡᠨ ᠲᠣᠨ | ᠴᠢᠴᠠᠷᠭᠠᠨ᠎ᠠ ᠶᠢᠨ ᠤᠮᠳᠠᠭᠠᠨ ᠤ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠵᠡᠷᠭᠡ ᠲᠦᠷᠦᠯ ᠵᠦᠢᠯ ᠢ ᠡᠬᠢᠯᠡᠨ | ᠬᠡᠷᠡᠭᠵᠢᠭᠦᠯᠵᠦ᠂ ᠠᠤᠬᠠᠨ ᠬᠤᠰᠢᠭᠤᠨ ᠤ ᠭᠤᠣᠯᠯᠠᠭᠴᠢ ᠠᠵᠤ ᠦᠢᠯᠡᠰ ᠤᠨ ᠲᠤᠯᠭᠠᠭᠤᠷᠢᠯᠠᠬᠤ ᠬᠦᠴᠦᠨ ᠢ | ᠴᠢᠨᠠᠭᠰᠢᠳᠠ ᠴᠢᠩᠭᠠᠳᠬᠠᠬᠤ ᠪᠣᠯᠤᠨ᠎ᠠ᠃ |