ᠠᠤᠬᠠᠨ ᠬᠤᠰᠢᠭᠤ ︽ᠪᠥᠬᠦ ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠡᠳᠦᠷ︾ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/18
     
 
    9 ᠰᠠᠷ᠎ᠠ ᠶᠢᠨ 15 ᠤ ᠡᠳᠦᠷ᠂ ᠠᠤᠬᠠᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠾᠦᠢ ᠸᠧᠨ ᠲᠠᠯᠠᠪᠠᠶ ᠳᠤ ︽ᠪᠥᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠡᠳᠦᠷ︾ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠬᠠᠮᠲᠤᠷᠠᠨ ᠥᠷᠨᠢᠭᠦᠯᠪᠡ᠃ ᠲᠣᠰ ᠠᠵᠢᠯᠯᠠᠭ᠎ᠠ ᠨᠢ ︽ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠳᠤ ᠬᠦᠴᠦ ᠨᠡᠮᠡᠷᠢᠯᠡᠬᠦ ᠪᠠᠷ ᠭᠤᠤᠯ ᠰᠡᠳᠦᠪ ᠪᠣᠯᠭᠠᠵᠤ᠂ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠡᠪᠯᠡᠯ ᠤᠨ ᠬᠤᠰᠢᠭᠤᠨ ᠤ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠠᠵᠤ ᠦᠢᠯᠡᠳᠪᠦᠷᠢ ᠰᠢᠨᠵᠢᠯᠡᠬᠦ ᠤᠬᠠᠭᠠᠨ ᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠵᠢᠯᠴᠢᠨ ᠤ ᠶᠡᠷᠦᠩᠬᠡᠶ ᠡᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ᠬᠠᠮᠲᠤᠷᠠᠨ ᠡᠷᠭᠢᠯᠡᠪᠡ᠃
   ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠠᠵᠢᠯᠯᠠᠭᠴᠢᠳ ᠤᠯᠠᠨ ᠲᠦᠮᠡᠨ ᠤ ᠬᠡᠷᠡᠭᠴᠡᠭᠡ ᠳᠤ ᠰᠠᠭᠤᠷᠢᠯᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ᠂ ᠰᠢᠨᠵᠢᠯᠡᠬᠦ ᠤᠬᠠᠭᠠᠨ ᠤ ᠠᠮᠢᠳᠤᠷᠠᠯ ᠵᠡᠷᠭᠡ ᠤᠯᠠᠨ ᠲᠦᠮᠡᠨ ᠤ ᠨᠡᠶᠢᠳᠡᠮ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠤᠨ ᠲᠣᠭᠤᠷᠢᠨ ᠳᠤ᠂ ᠡᠳᠦᠷ ᠳᠤᠳᠤᠮ ᠤᠨ ᠰᠢᠨᠵᠢᠯᠡᠬᠦ ᠤᠬᠠᠭᠠᠨ ᠤ ᠮᠡᠳᠡᠯᠭᠡ ᠶᠢᠨ ᠲᠠᠶᠢᠯᠤᠮᠵᠢ᠂ ᠲᠤᠬᠠᠢ ᠶᠢᠨ ᠲᠠᠯᠠᠪᠠᠢ ᠶᠢᠨ ᠲᠦᠷᠭᠡᠨ ᠠᠪᠤᠷᠠᠯᠳᠠ ᠶᠢᠨ ᠰᠣᠷᠢᠯᠲᠠ᠂ ᠠᠯᠪᠠᠨ ᠵᠢᠷᠤᠮ ᠤᠨ ᠡᠮᠴᠢᠯᠡᠭᠡ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠭᠠᠷ ᠳᠡᠪᠲᠡᠷ ᠢ ᠲᠠᠷᠬᠠᠭᠠᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠤᠯᠠᠨ ᠲᠦᠮᠡᠨ ᠳᠤ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠵᠦ᠂ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠳᠡ 15000 ᠭᠠᠷᠤᠢ ᠬᠤᠪᠢ ᠲᠠᠷᠬᠠᠭᠠᠵᠤ᠂ 450 ᠭᠠᠷᠤᠢ ᠬᠥᠮᠦᠨ ᠳᠤ ᠠᠰᠢᠭ ᠬᠦᠷᠲᠡᠭᠡᠵᠡᠢ᠃
   ᠲᠣᠰ ᠤᠳᠠᠭᠠᠨ  ᠤ ᠰᠢᠨᠵᠢᠯᠡᠬᠦ ᠤᠬᠠᠭᠠᠨ  ᠢ ᠲᠦᠭᠡᠮᠡᠯᠵᠢᠭᠦᠯᠬᠦ ᠤᠬᠠᠭᠤᠯᠭ᠎ᠠ  ᠶᠢᠨ ᠠᠵᠢᠯᠯᠠᠭ᠎ᠠ ᠨᠢ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠦᠨ᠂ ᠪᠥᠬᠦ ᠨᠡᠶᠢᠭᠡᠮ ᠢᠶᠠᠷ ᠢᠶᠠᠨ ᠰᠢᠨᠵᠢᠯᠡᠬᠦ ᠤᠬᠠᠭᠠᠨ ᠢ ᠬᠠᠶᠢᠷᠠᠯᠠᠬᠤ᠂ ᠰᠢᠨᠵᠢᠯᠡᠬᠦ ᠤᠬᠠᠭᠠᠨ ᠢ ᠰᠤᠷᠤᠯᠴᠠᠬᠤ ᠰᠠᠶᠢᠨ ᠰᠠᠶᠢᠬᠠᠨ ᠬᠡᠪ ᠰᠤᠷᠲᠠᠯ ᠢ ᠪᠣᠶ ᠪᠣᠯᠭᠠᠬᠤ ᠶᠢ ᠳᠥᠯᠭᠢᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠨᠡᠶᠢᠳᠡᠮ ᠬᠠᠷᠠᠭᠠᠯᠵᠠᠵᠤ ᠬᠠᠮᠲᠤ ᠪᠠᠷ ᠡᠳ᠋ᠯᠡᠭᠦᠯᠵᠦ᠂ ᠠᠤᠬᠠᠨ ᠬᠤᠰᠢᠭᠤᠨ ᠤ ᠨᠡᠶᠢᠭᠡᠮ ᠤᠨ ᠵᠠᠰᠠᠯᠲᠠ ᠶᠢᠨ ᠰᠢᠰᠲ᠋ᠧᠮ ᠤᠨ ᠳᠠᠪᠰᠢᠯᠲᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号