| ᠬᠠᠷᠢᠶᠠᠲᠤ ᠣᠷᠣᠨ ᠤ ᠣᠯᠠᠨ ᠲᠦᠮᠡᠨ ᠤ ᠭᠠᠵᠢᠭᠤ ᠨᠣᠮᠯᠠᠯ ᠢ ᠡᠰᠡᠷᠭᠦᠴᠡᠬᠦ ᠰᠡᠷᠭᠡᠶᠢᠯᠡᠯᠲᠡ ᠪᠠ ᠬᠠᠤᠯᠢ ᠪᠠᠷ | ᠵᠠᠰᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠢᠳᠡᠪᠬᠢᠲᠡᠶ ᠥᠭᠡᠳᠡᠷᠬᠡᠭ᠂ ᠡᠷᠡᠭᠦᠯ ᠪᠥᠭᠡᠳ ᠡᠶ᠎ᠡ | ᠵᠣᠬᠢᠴᠠᠯ ᠲᠠᠢ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 9 ᠰᠠᠷ᠎ᠠ ᠶᠢᠨ 12 ᠤᠨ | ᠡᠳᠦᠷ ᠠᠴᠠ 14 ᠤ ᠡᠳᠦᠷ ᠪᠣᠯᠲᠠᠯ᠎ᠠ᠂ ᠪᠠᠶᠢᠰᠡ ᠶᠢᠨ ᠬᠤᠷᠢᠶ᠎ᠠ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ ᠤᠨ | ᠠᠯᠪᠠᠨ ᠬᠡᠷ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠭᠠᠵᠠᠷ᠂ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠭᠠᠵᠠᠷ ᠲᠠᠢ ᠬᠠᠮᠲᠤᠷᠠᠨ ᠭᠠᠵᠢᠭᠤ ᠨᠣᠮᠯᠠᠯ ᠢ ᠡᠰᠡᠷᠭᠦᠴᠡᠬᠦ ᠰᠢᠷᠢᠰ ᠤᠬᠠᠭᠤᠯᠭ᠎ᠠ ᠶᠢᠨ | ᠠᠵᠢᠯᠯᠠᠭ᠎ᠠ ᠶᠢ ᠬᠠᠮᠲᠤᠷᠠᠨ ᠡᠷᠭᠢᠯᠡᠪᠡ᠃ | ᠠᠵᠢᠯᠯᠠᠭ᠎ᠠ ᠶᠢᠨ ᠳᠤᠮᠳᠠ᠂ ᠤᠬᠠᠭᠤᠯᠤᠨ ᠲᠠᠶᠢᠯᠪᠤᠷᠢᠯᠠᠬᠤ ᠠᠵᠢᠯᠲᠠᠳ ᠲᠤᠰ ᠲᠤᠰ ᠬᠡᠷᠢᠶᠡᠲᠦ᠂ ᠸᠠᠩ ᠵᠢᠶᠠ | ᠶᠢᠩᠽᠢ ᠵᠡᠷᠭᠡ ᠲᠣᠰᠬᠤᠨ ᠤ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠨᠡᠭᠦᠳᠡᠯ ᠤᠬᠠᠭᠤᠯᠭ᠎ᠠ ᠶᠢᠨ | ᠮᠠᠰᠢᠨ ᠲᠡᠷᠭᠡ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠤᠷᠢᠶ᠎ᠠ ᠯᠣᠽᠦ᠋ᠩ ᠨᠠᠭᠠᠬᠤ᠂ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠤᠬᠠᠭᠤᠯᠬᠤ ᠶᠢᠨ ᠬᠠᠮᠲᠤ ᠠᠰᠠᠭᠤᠨ ᠯᠠᠪᠯᠠᠬᠤ | ᠲᠠᠪᠴᠠᠩ ᠭᠠᠷᠭᠠᠵᠤ᠂ ᠤᠯᠠᠨ ᠲᠦᠮᠡᠨ ᠤ ᠮᠠᠳᠠᠭ ᠲᠠᠢ ᠵᠦᠢᠯ ᠳᠤ ᠬᠦᠯᠢᠴᠡᠩᠭᠦᠢ ᠪᠠᠷ ᠬᠠᠷᠢᠭᠤᠯᠲᠠ ᠥᠭᠴᠡᠢ᠃ | ᠡᠭᠦᠨ ᠤ ᠬᠠᠮᠲᠤ᠂ ᠰᠠᠶᠢᠨ ᠳᠤᠷ᠎ᠠ ᠶᠢᠨ ᠦᠢᠯᠡᠴᠢᠯᠡᠭᠴᠢ ᠠᠴᠠ ᠵᠡᠭᠡᠯᠢ ᠳᠠᠭᠠᠤ ᠶᠢᠨ ᠬᠤᠳᠠᠯᠳᠤᠭᠠᠴᠢᠨ ᠳᠤ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠶᠢᠨ ᠬᠠᠮᠲᠤ ᠭᠠᠵᠢᠭᠤ ᠨᠣᠮᠯᠠᠯ ᠢ ᠡᠰᠡᠷᠭᠦᠴᠡᠬᠦ ᠮᠡᠳᠡᠯᠭᠡ ᠶᠢ | ᠲᠦᠭᠡᠮᠡᠯᠵᠢᠭᠦᠯᠵᠦ᠂ ᠭᠠᠵᠢᠭᠤ ᠨᠣᠮᠯᠠᠯ ᠤᠨ ᠲᠦᠷᠦᠯ ᠵᠦᠢᠯ᠂ ᠭᠤᠣᠯ ᠣᠨᠴᠠᠯᠢᠭ᠂ ᠪᠣᠳᠠᠲᠠᠶ ᠬᠤᠣᠷ ᠬᠥᠨᠥᠭᠡᠯ᠂ | ᠬᠥᠮᠦᠨ ᠢ ᠮᠡᠬᠡᠯᠡᠬᠦ ᠠᠷᠭ᠎ᠠ ᠮᠠᠶ᠋ᠢᠭ ᠵᠡᠷᠭᠡ ᠠᠭᠤᠯᠭ᠎ᠠ ᠶᠢ ᠪᠦᠬᠦ ᠲᠠᠯ᠎ᠠ ᠪᠠᠷ ᠲᠠᠶᠢᠯᠪᠤᠷᠢᠯᠠᠬᠤ ᠶᠢᠨ ᠬᠠᠮᠲᠤ | ᠪᠠᠶᠢᠰᠡ ᠶᠢᠨ ᠬᠤᠷᠢᠶ᠎ᠠ ᠭᠤᠣᠯ ᠪᠠᠭ᠎ᠠ ᠰᠤᠷᠭᠠᠭᠤᠯᠢ ᠳᠤ ᠬᠠᠤᠯᠢ ᠲᠦᠷᠢᠮ ᠤᠨ ᠤᠬᠠᠭᠤᠯᠭ᠎ᠠ ᠶᠢᠨ ᠲᠠᠶᠢᠯᠤᠮᠵᠢ ᠶᠢ | ᠥᠷᠨᠢᠭᠦᠯᠵᠦ᠂ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠬᠠᠤᠯᠢ ᠲᠦᠷᠢᠮ ᠤᠨ ᠬᠥᠮᠦᠵᠢᠯ ᠢ ᠦᠨᠡᠨ ᠬᠦ | ᠴᠢᠩᠭᠠᠳᠬᠠᠵᠤ᠂ ᠰᠤᠷᠤᠭᠴᠢᠳ ᠤᠨ ᠬᠠᠤᠯᠢ ᠲᠦᠷᠢᠮ ᠤᠨ ᠦᠵᠡᠯᠲᠡ ᠪᠠ ᠥᠪᠡᠷ ᠢ ᠪᠠᠨ ᠬᠠᠮᠠᠭᠠᠯᠠᠬᠤ ᠤᠬᠠᠮᠰᠠᠷ ᠢ | ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠳᠣᠲᠣᠨ᠎ᠠ ᠭᠠᠳᠠᠨᠠᠬᠢ ᠲᠣᠭᠲᠠᠭᠤᠨ ᠪᠤᠰᠤ ᠬᠦᠴᠦᠨ ᠵᠦᠢᠯ ᠢ | ᠴᠢᠷᠮᠠᠶᠢᠨ ᠠᠷᠢᠯᠭᠠᠨ᠎ᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠳᠤ ᠭᠠᠵᠢᠭᠤ ᠨᠣᠮᠯᠠᠯ ᠢ ᠡᠰᠡᠷᠭᠦᠴᠡᠬᠦ ᠰᠢᠷᠢᠰ | ᠤᠬᠠᠭᠤᠯᠭ᠎ᠠ ᠶᠢᠨ ᠬᠠᠭᠤᠳᠠᠰᠤ ᠶᠢ ᠨᠡᠶᠢᠲᠡ 2000 ᠬᠤᠪᠢ ᠲᠠᠷᠬᠠᠭᠠᠵᠤ᠂ ᠬᠠᠤᠯᠢ ᠲᠦᠭᠡᠮᠡᠯᠵᠢᠭᠦᠯᠬᠦ ᠨᠣᠮ | ᠪᠢᠴᠢᠭ ᠢ 250 ᠳᠡᠪᠲᠡᠷ ᠲᠠᠷᠬᠠᠭᠠᠵᠤ᠂ 25 ᠵᠤᠷᠪᠤᠰ ᠡᠯᠭᠦᠭᠰᠡᠨ ᠪᠠᠶᠢᠨ᠎ᠠ᠃ ᠲᠤᠰ ᠤᠳᠠᠭᠠᠨ ᠤ ᠭᠠᠵᠢᠭᠤ | ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠭᠠᠵᠢᠭᠤ ᠨᠣᠮᠯᠠᠯ ᠢ | ᠡᠰᠡᠷᠭᠦᠴᠡᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠯ᠎ᠡ ᠲᠦᠷᠦᠯ ᠤᠨ ᠭᠠᠵᠢᠭᠤ ᠨᠣᠮᠯᠠᠯ ᠤᠨ | ᠬᠤᠣᠷ ᠬᠦᠨᠦᠭᠡᠯᠳᠦ ᠴᠢᠨᠠᠷ ᠢ ᠲᠣᠳᠣᠷᠬᠠᠶ ᠲᠠᠨᠢᠵᠤ᠂ ᠥᠷᠭᠡᠨ ᠤᠯᠠᠨ ᠲᠦᠮᠡᠨ ᠢ ᠭᠠᠵᠢᠭᠤ ᠨᠣᠮᠯᠠᠯ ᠢ ᠡᠰᠡᠷᠭᠦᠴᠡᠬᠦ | ᠲᠡᠮᠡᠴᠡᠯ ᠤᠨ ᠳᠡᠮᠵᠢᠭᠴᠢ᠂ ᠣᠷᠣᠯᠴᠠᠭᠴᠢ ᠪᠠ ᠬᠢᠨᠠᠯᠲᠠ ᠲᠠᠯᠪᠢᠭᠴᠢ ᠪᠣᠯᠭᠠᠵᠤ᠂ ︽ᠭᠠᠵᠢᠭᠤ ᠨᠣᠮᠯᠠᠯ ᠢ | ᠡᠰᠡᠷᠭᠦᠴᠡᠨ ᠬᠤᠷᠢᠭᠯᠠᠵᠤ᠂ ᠪᠣᠯᠪᠠᠰᠤᠨ ᠢ ᠤᠯᠠᠮᠵᠢᠯᠠᠨ ᠳᠡᠯᠭᠡᠷᠡᠭᠦᠯᠬᠦ︾ ᠭᠦᠨ ᠵᠤᠵᠠᠭᠠᠨ ᠨᠡᠶᠢᠭᠡᠮ ᠤᠨ ᠠᠭᠤᠷ | ᠠᠮᠢᠰᠬᠤᠯ ᠢ ᠬᠠᠮᠲᠤ ᠪᠠᠷ ᠪᠤᠢ ᠪᠣᠯᠭᠠᠪᠠ᠃ |