ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠢᠪᠠ
ᠨᠡᠶᠢᠲᠡᠯᠡᠭᠰᠡᠨ ᠴᠠᠭ᠄
2023/9/20
   9 ᠰᠠᠷ᠎ᠠ ᠶᠢᠨ 19 ᠤ ᠡᠳᠦᠷ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠢᠵᠦ᠂ ᠠᠷᠪᠠᠨ ᠵᠢᠷᠭᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶ᠎ᠠ ᠶᠢᠨ ᠭᠤᠷᠪᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠲᠠᠢ ᠬᠠᠷᠢᠴᠠᠭᠤᠯᠤᠨ᠂ ᠦᠵᠡᠯ ᠰᠠᠨᠠᠭ᠎ᠠ ᠪᠠ ᠠᠵᠢᠯ ᠤᠨ ᠪᠣᠳᠠᠲᠠᠶ ᠲᠠᠢ ᠪᠠᠨ ᠨᠢᠭᠲᠠ ᠤᠶᠠᠯᠳᠤᠭᠤᠯᠤᠨ ᠭᠦᠨᠵᠡᠭᠡᠶ ᠬᠠᠷᠢᠴᠠᠭᠤᠯᠤᠨ ᠪᠠᠶᠢᠴᠠᠭᠠᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠥᠷᠨᠢᠭᠦᠯᠵᠦ᠂ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠤᠨ᠂ ᠴᠢᠷᠮᠠᠶᠢᠬᠤ ᠴᠢᠭᠯᠡᠯ ᠢᠶᠠᠨ ᠲᠣᠳᠣᠷᠬᠠᠶᠢᠯᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ︽ᠰᠡᠭᠦᠯᠴᠢ ᠶᠢᠨ ᠬᠠᠭᠠᠰ ᠵᠣᠬᠢᠶᠠᠯ︾ ᠢ ᠤᠯᠠᠮ ᠨᠢᠭᠡ ᠠᠯᠬᠤᠮ ᠪᠣᠳᠠᠲᠠᠶᠢᠵᠢᠭᠤᠯᠤᠨ ᠰᠠᠶᠢᠲᠤᠷ ᠬᠢᠪᠠ᠃    ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠨᠢᠩ ᠴᠦᠨ ᠬᠤᠷᠠᠯ ᠢ ᠡᠷᠭᠢᠯᠡᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠪᠥᠬᠦ ᠭᠡᠰᠢᠭᠦᠳ ᠬᠤᠷᠠᠯ ᠳᠤ ᠣᠷᠣᠯᠴᠠᠵᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠰᠢᠭᠤᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠯᠪᠠᠨ ᠬᠡᠷ ᠤᠨ ᠬᠠᠮᠢᠶ᠎ᠠ ᠪᠥᠬᠦᠶ ᠤᠳᠤᠷᠢᠳᠤᠯᠭ᠎ᠠ ᠬᠤᠷᠠᠯ ᠳᠤ ᠰᠤᠯᠠ ᠣᠷᠣᠯᠴᠠᠵᠠᠶ᠃    ᠲᠤᠰ ᠤᠳᠠᠭᠠᠨ ᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠥᠷᠨᠢᠭᠦᠯᠬᠦ ᠶᠢᠨ ᠲᠥᠯᠥᠭᠡ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠠᠴᠠ ᠡᠮᠦᠨ᠎ᠡ ᠭᠦᠢᠴᠡᠳ ᠪᠡᠯᠡᠳᠬᠡᠯ ᠬᠢᠵᠦ᠂ ᠲᠤᠪᠤᠶᠢᠮ᠎ᠠ ᠠᠰᠠᠭᠤᠳᠠᠯ ᠢ ᠨᠠᠷᠢᠨ ᠬᠢᠨᠠᠮᠠᠭᠠᠢ ᠪᠠᠶᠢᠴᠠᠭᠠᠨ ᠳᠡᠯᠭᠡᠵᠦ᠂ ᠰᠡᠳᠬᠢᠯ ᠤᠨ ᠦᠭᠡ ᠪᠠᠨ ᠶᠠᠷᠢᠯᠴᠠᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠪᠠ᠃ ᠣᠷᠣᠰᠢᠵᠤ ᠪᠠᠶᠢᠭ᠎ᠠ ᠠᠰᠠᠭᠤᠳᠠᠯ᠂ ᠰᠢᠯᠲᠠᠭᠠᠨ ᠢ ᠵᠠᠳᠠᠯᠬᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠵᠡᠷᠭᠡ ᠲᠠᠯ᠎ᠠ ᠠᠴᠠ ᠬᠤᠪᠢ ᠬᠥᠮᠦᠨ ᠤ ᠦᠵᠡᠯ ᠰᠠᠨᠠᠭᠠᠨ ᠤ ᠵᠠᠳᠠᠯᠤᠯᠲᠠ ᠶᠢᠨ ᠮᠠᠲ᠋ᠧᠷᠢᠶᠠᠯ ᠢ ᠪᠢᠴᠢᠵᠦ᠂ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠢᠨᠠᠷ ᠰᠠᠶᠢᠲᠠᠢ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠲᠠᠯᠪᠢᠪᠠ᠃    ᠬᠤᠷᠠᠯ ᠳᠡᠭᠡᠷ᠎ᠡ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠨᠢᠩ ᠴᠦᠨ ᠨᠥᠬᠦᠷ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠭᠰᠠᠨ ᠪᠥᠭᠡᠳ ᠲᠦᠷᠦᠭᠦᠯᠡᠨ ᠬᠤᠪᠢ ᠬᠥᠮᠦᠨ ᠤ ᠬᠠᠷᠢᠴᠠᠭᠤᠯᠤᠨ ᠪᠠᠶᠢᠴᠠᠭᠠᠭᠰᠠᠨ ᠶᠠᠷᠢᠶ᠎ᠠ ᠲᠠᠯᠪᠢᠵᠤ᠂ ᠳᠠᠷᠠᠭ᠎ᠠ ᠪᠠᠷ ᠨᠢ ᠬᠥᠭᠵᠢᠭᠦᠯᠦᠯᠲᠡ ᠥᠭᠡᠷᠡᠴᠢᠯᠡᠯᠲᠡ ᠶᠢᠨ  ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠡᠷ ᠨᠢᠭᠡᠳ ᠨᠢᠭᠡ ᠪᠠᠷ ᠬᠠᠷᠢᠴᠠᠭᠤᠯᠤᠨ ᠪᠠᠶᠢᠴᠠᠭᠠᠬᠤ ᠶᠠᠷᠢᠶ᠎ᠠ ᠲᠠᠯᠪᠢᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠨᠠᠷᠢᠨ ᠬᠢᠨᠠᠮᠠᠭᠠᠶ ᠥᠷᠨᠢᠭᠦᠯᠵᠦ᠂ ᠣᠯᠠᠨ ᠢᠶᠠᠷ ᠢᠶᠠᠨ ᠥᠪᠡᠷ ᠢ ᠪᠠᠨ ᠣᠷᠣᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠣᠷᠣᠭᠤᠯᠵᠤ᠂ ᠠᠵᠢᠯ ᠢᠶᠠᠨ ᠣᠷᠣᠭᠤᠯᠵᠤ᠂ ᠨᠠᠮ᠂ ᠠᠵᠢᠯ ᠦᠢᠯᠡᠰ᠂ ᠨᠥᠬᠦᠳ ᠲᠡᠭᠡᠨ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ᠂ ᠦᠨᠡᠨ ᠰᠡᠳᠬᠢᠯ ᠠᠴᠠ ᠪᠠᠨ ᠰᠠᠨᠠᠯ ᠳᠤᠷᠠᠳᠴᠤ᠂ ᠦᠨᠡᠨ ᠢ ᠪᠠᠷᠢᠮᠲᠠᠯᠠᠨ ᠠᠰᠠᠭᠤᠳᠠᠯ ᠢ  ᠶᠠᠷᠢᠯᠴᠠᠪᠠ᠃    ᠣᠯᠠᠨ ᠢᠶᠠᠷ ᠢᠶᠠᠨ ᠬᠠᠷᠢᠴᠠᠭᠤᠯᠤᠨ ᠪᠠᠶᠢᠴᠠᠭᠠᠭᠰᠠᠨ ᠤ ᠳᠠᠷᠠᠭ᠎ᠠ᠂ ᠬᠤᠰᠢᠭᠤᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠯᠪᠠᠨ ᠬᠡᠷ ᠤᠨ ᠶᠠᠩ ᠶᠣᠣ ᠮᠢᠩ ᠨᠥᠬᠦᠷ ᠬᠤᠷᠠᠯ ᠳᠤ ᠦᠨᠡᠯᠡᠯᠲᠡ ᠬᠢᠵᠦ᠂ ᠲᠣᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠳᠥᠷᠪᠡᠨ ᠲᠠᠯ᠎ᠠ ᠠᠴᠠ  ᠭᠦᠢᠴᠡᠳ ᠨᠤᠲᠠᠯᠠᠵᠤ᠂ ᠲᠠᠷᠠᠭᠠᠴᠢ ᠶᠢᠨ ᠠᠯᠬᠤᠮ ᠤᠨ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠬᠠᠶ ᠵᠢᠯᠣᠭᠤᠳᠬᠤ ᠰᠠᠨᠠᠯ ᠳᠤᠷᠠᠳᠪᠠ᠃    ᠨᠠᠮ ᠤᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠨᠢᠩ ᠴᠦᠨ ᠨᠥᠬᠦᠷ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠤᠳᠤᠷᠢᠳᠬᠤ ᠪᠠᠭ ᠢ ᠲᠥᠯᠥᠭᠡᠯᠡᠨ ᠲᠠᠷᠠᠭᠠᠴᠢ ᠶᠢᠨ ᠠᠯᠬᠤᠮ ᠤᠨ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠲᠤᠬᠠᠶ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ ᠭᠤᠷᠪᠠᠨ ᠲᠠᠯ᠎ᠠ ᠠᠴᠠ ᠦᠨᠡᠨᠬᠦ ᠴᠡᠭᠴᠡᠯᠡᠨ ᠰᠠᠶᠢᠵᠢᠷᠠᠭᠤᠯᠬᠤ ᠪᠠᠷ ᠠᠵᠢᠯ ᠢᠶᠠᠨ ᠠᠬᠢᠭᠤᠯᠵᠤ᠂ ᠬᠥᠭᠵᠢᠯᠲᠡ ᠪᠠᠨ ᠠᠬᠢᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠠᠪᠤᠴᠠ ᠳᠤ ᠣᠷᠭᠢᠯᠤᠮ᠎ᠠ ᠰᠡᠳᠬᠢᠯᠭᠡ ᠪᠠ ᠡᠷᠴᠢ ᠵᠣᠷᠢᠭ ᠢᠶᠠᠨ ᠦᠨᠡᠨᠬᠦ ᠮᠠᠨ ᠤ  ᠵᠦᠪᠯᠡᠯ ᠤᠨ ᠠᠵᠢᠯ  ᠦᠢᠯᠡᠰ ᠤᠨ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠨᠠᠶᠢᠳᠠᠪᠤᠷᠢᠵᠢᠭᠤᠯᠬᠤ ᠠᠵᠢᠯ ᠢ ᠴᠢᠩᠭ᠎ᠠ ᠪᠥᠭᠡᠳ ᠪᠣᠳᠠᠲᠠᠶ ᠪᠠᠷ ᠰᠠᠶᠢᠲᠤᠷ ᠠᠳᠬᠤᠵᠤ᠂ ᠣᠳᠣᠬᠠᠨ ᠳᠤ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠦᠨᠡᠨᠬᠦ  ᠰᠢᠢᠳᠪᠦᠷᠢᠯᠡᠨ᠂ ︽ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾ ᠶᠢ ᠴᠢᠩᠭ᠎ᠠ  ᠭᠦᠢᠴᠡᠳᠬᠡᠵᠦ᠂ ᠠᠵᠢᠯ ᠤᠨ ᠦᠷ᠎ᠡ ᠪᠦᠲᠦᠮᠵᠢ ᠪᠠᠷ ᠢᠶᠠᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠰᠢᠯᠭᠠᠨ ᠪᠠᠶᠢᠴᠠᠭᠠᠬᠤ ᠬᠡᠷᠡᠭᠲᠡᠶ  ᠭᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号