| ᠬᠠᠷᠢᠶᠠᠲᠤ ᠣᠷᠣᠨ ᠤ ᠬᠡᠤᠬᠡᠳ ᠤᠨ ᠴᠡᠴᠡᠷᠯᠢᠭ ᠤᠨ ᠭᠠᠯ ᠤᠨᠲᠠᠷᠠᠭᠠᠬᠤ ᠠᠮᠤᠷ ᠲᠦᠪᠰᠢᠨ ᠤ | ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠬᠡᠤᠬᠡᠳ ᠤᠨ ᠴᠡᠴᠡᠷᠯᠢᠭ ᠤᠨ ᠠᠮᠤᠷ | ᠲᠦᠪᠰᠢᠨ ᠤ ᠰᠡᠷᠭᠡᠶᠢᠯᠡᠨ ᠬᠠᠮᠠᠭᠠᠯᠠᠬᠤ ᠪᠠ ᠥᠪᠡᠷ ᠢ ᠪᠠᠨ ᠠᠪᠤᠷᠬᠠᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠦᠯᠦᠭᠡ | ᠂ 9 ᠰᠠᠷ᠎ᠠ ᠶᠢᠨ 19 ᠤ ᠡᠳᠦᠷ᠂ ᠶᠡᠭᠡ ᠠᠩᠬᠢ ᠶᠢᠨ ᠬᠢᠨ ᠬᠠᠷᠢᠶᠠᠲᠤ ᠣᠷᠣᠨ ᠤ ᠬᠡᠦᠬᠡᠳ ᠤᠨ ᠴᠡᠴᠡᠷᠯᠢᠭ ᠲᠤ | ᠭᠦᠨᠵᠡᠭᠡᠶᠢᠷᠡᠨ ᠭᠠᠯ ᠤᠨᠲᠠᠷᠠᠭᠠᠬᠤ ᠠᠮᠤᠷ ᠲᠦᠪᠰᠢᠨ ᠤ ᠶᠡᠭᠡ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠶᠢᠨ | ᠠᠵᠢᠯ ᠢ ᠥᠷᠨᠢᠭᠦᠯᠪᠡ᠃ | ᠪᠠᠶᠢᠴᠠᠭᠠᠬᠤ ᠠᠵᠢᠯᠲᠠᠳ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠤᠨ ᠲᠤᠬᠠᠶ ᠬᠡᠤᠬᠡᠳ ᠤᠨ ᠴᠡᠴᠡᠷᠯᠢᠭ ᠤᠨ ᠬᠠᠷᠢᠭᠤᠴᠠᠯᠭᠠᠲᠠᠨ ᠤ ᠬᠠᠷᠢᠭᠤ ᠮᠡᠳᠡᠭᠦᠯᠦᠯᠲᠡ ᠶᠢ ᠨᠠᠷᠢᠨ ᠨᠢᠮᠪᠠᠶ | ᠰᠣᠨᠣᠰᠴᠤ᠂ ᠬᠡᠤᠬᠡᠳ ᠤᠨ ᠴᠡᠴᠡᠷᠯᠢᠭ ᠤᠨ ᠡᠳᠦᠷ ᠲᠤᠲᠤᠮ ᠤᠨ ᠭᠠᠯ ᠤᠨᠲᠠᠷᠠᠭᠠᠬᠤ ᠠᠮᠤᠷ ᠲᠦᠪᠰᠢᠨ ᠤ | ᠲᠣᠭᠤᠷᠢᠨ ᠪᠠᠶᠢᠴᠠᠭᠠᠭᠰᠠᠨ ᠲᠡᠮᠳᠡᠭᠯᠡᠯ ᠢ ᠪᠠᠶᠢᠴᠠᠭᠠᠨ ᠦᠵᠡᠪᠡ᠃ ᠴᠡᠴᠡᠷᠯᠢᠭ ᠤᠨ ᠳᠣᠲᠣᠷᠠᠬᠢ ᠠᠮᠤᠷ | ᠲᠦᠪᠰᠢᠨ ᠢᠶᠠᠷ ᠲᠠᠷᠬᠠᠭᠠᠬᠤ ᠵᠢᠭᠠᠯᠲᠠ ᠲᠡᠮᠳᠡᠭ᠂ ᠪᠠᠴᠢᠮ ᠪᠠᠶᠢᠳᠠᠯ ᠢ ᠠᠷᠭᠠᠴᠠᠬᠤ ᠭᠡᠷᠡᠯᠲᠦᠭᠦᠯᠭᠡ ᠶᠢᠨ | ᠲᠦᠬᠦᠭᠡᠷᠦᠮᠵᠢ ᠨᠢ ᠪᠦᠷᠢᠨ ᠪᠦᠲᠦᠨ ᠪᠠᠶᠢᠬᠤ ᠡᠰᠡᠬᠦ᠂ ᠬᠢᠴᠢᠶᠡᠯ ᠤᠨ ᠬᠡᠷ ᠲᠤ ᠭᠠᠯ ᠤᠨᠲᠠᠷᠠᠭᠠᠬᠤ ᠪᠦᠲᠦᠮᠵᠢᠲᠡᠶ | ᠪᠠᠭᠠᠵᠢ ᠬᠡᠷᠡᠭᠰᠡᠯ ᠳᠣᠭᠢᠷᠠᠭᠤᠯᠤᠭᠰᠠᠨ ᠡᠰᠡᠬᠦ ᠵᠡᠷᠭᠡ ᠪᠠᠶᠢᠳᠠᠯ ᠢ ᠪᠥᠬᠦ ᠲᠠᠯ᠎ᠠ ᠪᠠᠷ ᠪᠠᠶᠢᠴᠠᠭᠠᠪᠠ᠃ | ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠬᠤ ᠠᠵᠢᠯᠲᠠᠨ ᠲᠠᠯᠠᠪᠤᠷ ᠤᠨ | ᠬᠠᠷᠢᠭᠤᠴᠠᠯᠭᠠᠲᠠᠨ ᠢ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ ᠭᠡᠵᠦ ᠱᠠᠭᠠᠷᠳᠠᠵᠤ᠂ ᠡᠭᠦᠨ ᠤ | ᠬᠠᠮᠲᠤ ᠬᠡᠦᠬᠡᠳ ᠤᠨ ᠴᠡᠴᠡᠷᠯᠢᠭ ᠤᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠭᠠᠯ ᠤᠨᠲᠠᠷᠠᠭᠠᠬᠤ ᠠᠮᠤᠷ | ᠲᠦᠪᠰᠢᠨ ᠤ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠭᠠᠯ ᠤᠨᠲᠠᠷᠠᠭᠠᠬᠤ ᠠᠮᠤᠷ ᠲᠦᠪᠰᠢᠨ ᠤ | ᠡᠯ᠎ᠡ ᠵᠦᠢᠯ ᠤᠨ ᠲᠥᠷᠢᠮ ᠪᠣᠯᠤᠨ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠨ ᠲᠠᠷᠬᠠᠭᠠᠬᠤ ᠪᠡᠯᠡᠳᠬᠡᠯ | ᠲᠥᠰᠦᠯ ᠢ ᠪᠠᠶᠢᠭᠤᠯᠤᠨ ᠪᠥᠷᠢᠨᠰᠢᠬᠦᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ | ᠤᠬᠠᠭᠤᠯᠭ᠎ᠠ ᠪᠠᠨ ᠴᠢᠩᠭᠠᠳᠬᠠᠨ᠂ ᠭᠠᠯ ᠤᠨ ᠠᠶᠤᠯ ᠤᠨ ᠲᠠᠯᠳᠠ ᠭᠡᠮ ᠢ ᠥᠪᠡᠷ ᠲᠡᠭᠡᠨ ᠪᠠᠶᠢᠴᠠᠭᠠᠵᠤ | ᠥᠪᠡᠷ ᠲᠡᠭᠡᠨ ᠥᠭᠡᠷᠡᠴᠢᠯᠡᠬᠦ ᠡᠷᠴᠢᠮ ᠢᠶᠠᠨ ᠨᠡᠮᠡᠭᠳᠡᠭᠦᠯᠵᠦ᠂ ᠣᠷᠣᠰᠢᠵᠤ ᠪᠠᠶᠢᠭ᠎ᠠ ᠭᠠᠯ ᠤᠨ ᠠᠶᠤᠯ ᠤᠨ ᠲᠠᠯᠳᠠ | ᠭᠡᠮ ᠢ ᠴᠠᠭ ᠲᠤᠬᠠᠶ ᠳᠤᠨᠢ ᠠᠷᠢᠯᠭᠠᠨ᠂ ᠲᠤᠰ ᠪᠡᠶ᠎ᠡ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ | ᠪᠣᠯᠤᠨ ᠥᠪᠡᠷ ᠲᠡᠭᠡᠨ ᠰᠡᠷᠭᠡᠶᠢᠯᠡᠵᠦ ᠥᠪᠡᠷ ᠲᠡᠭᠡᠨ ᠠᠪᠤᠷᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ ᠭᠡᠵᠦ | ᠱᠠᠭᠠᠷᠳᠠᠪᠠ᠃ | ᠲᠣᠰ ᠤᠳᠠᠭᠠᠨ ᠤ ᠪᠠᠶᠢᠴᠠᠭᠠᠯᠲᠠ ᠨᠢ ᠬᠡᠤᠬᠡᠳ ᠤᠨ ᠴᠡᠴᠡᠷᠯᠢᠭ ᠤᠨ ᠭᠠᠯ ᠤᠨᠲᠠᠷᠠᠭᠠᠬᠤ ᠠᠮᠤᠷ ᠲᠦᠪᠰᠢᠨ ᠤ | ᠬᠠᠮᠢᠶᠠᠷᠤᠯᠲᠠ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠬᠡᠤᠬᠡᠳ ᠤᠨ ᠴᠡᠴᠡᠷᠯᠢᠭ ᠤᠨ ᠠᠵᠢᠯᠲᠠᠨ ᠤ | ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠪᠡ᠃ ᠳᠠᠷᠠᠭᠠᠴᠢ ᠶᠢᠨ ᠠᠯᠬᠤᠮ ᠳᠤ᠂ ᠶᠡᠭᠡ | ᠠᠩᠬᠢ ᠶᠢᠨ ᠬᠢᠨ ᠦᠷᠭᠦᠯᠵᠢᠯᠡᠨ ᠮᠥᠷᠳᠡᠨ ᠪᠠᠶᠢᠴᠠᠭᠠᠵᠤ᠂ ᠡᠬᠡ ᠤᠯᠤᠰ ᠤᠨ ᠢᠶᠠᠨ ᠴᠡᠴᠡᠭ ᠤᠨ ᠠᠮᠤᠷ | ᠲᠦᠪᠰᠢᠨ ᠢᠶᠠᠷ ᠦᠰᠦᠨ ᠪᠤᠶᠢᠵᠢᠬᠤ ᠶᠢ ᠬᠠᠮᠠᠭᠠᠯᠠᠬᠤ ᠪᠣᠯᠤᠨ᠎ᠠ᠃ |