ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2023 ᠣᠨ ᠤ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠢᠪᠠ
ᠨᠡᠶᠢᠲᠡᠯᠡᠭᠰᠡᠨ ᠴᠠᠭ᠄
2023/9/20
   9 ᠰᠠᠷ᠎ᠠ ᠶᠢᠨ 19 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠣᠨᠣᠯ  ᠰᠤᠷᠤᠯᠴᠠᠬᠤ ᠭᠤᠤᠯ ᠳᠤᠭᠤᠶᠢᠯᠠᠩ 2023 ᠣᠨ ᠤ ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠢᠵᠦ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ ᠬᠤᠷᠠᠯ ᠡᠷᠭᠢᠯᠡᠪᠡ᠃    ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠰᠣᠶᠣᠯ ᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ  ᠠᠴᠠ ᠳᠠᠷᠤᠮᠠᠯᠯᠠᠨ ᠲᠠᠷᠬᠠᠭᠠᠭᠰᠠᠨ ︽ᠰᠢᠨ᠎ᠡ ᠴᠠᠭ ᠦᠶ᠎ᠡ ᠳᠤ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠰᠠᠨᠠᠯ︾ ᠪᠠ ᠬᠤᠯᠪᠤᠭᠳᠠᠯ ᠪᠦᠬᠦᠢ ᠵᠣᠬᠢᠶᠠᠯ ᠢ  ᠳᠠᠮᠵᠢᠭᠤᠯᠤᠨ ᠰᠤᠷᠤᠯᠴᠠᠵᠠᠢ᠃    ᠬᠤᠷᠠᠯ ᠠᠴᠠ᠂  ᠰᠢ ᠶᠢᠨ ᠫᠢᠩ ᠶᠡᠷᠦᠩᠬᠡᠢ ᠱᠦᠵᠢ ᠶᠢᠨ ᠰᠣᠶᠣᠯ ᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠳᠤᠮᠳᠠᠳᠤ ᠶᠢᠨ ᠰᠣᠶᠣᠯ ᠢ ᠤᠯᠠᠮᠵᠢᠯᠠᠨ ᠬᠥᠭᠵᠢᠭᠦᠯᠬᠦ ᠠᠯᠢ ᠤᠯᠠᠨ ᠴᠢᠬᠤᠯᠠ ᠶᠡᠭᠡ ᠤᠨᠤᠯ ᠤᠨ ᠪᠠ ᠪᠣᠳᠠᠲᠠᠢ ᠠᠰᠠᠭᠤᠳᠠᠯ ᠤᠨ ᠲᠤᠬᠠᠢ ᠭᠦᠨᠵᠡᠭᠡᠢ  ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠮᠠᠨ ᠤ ᠰᠣᠶᠣᠯ ᠤᠨ ᠬᠦᠴᠦᠷᠬᠡᠭ ᠲᠤᠭ ᠢ ᠲᠦᠷᠭᠡᠨ ᠪᠠᠶᠢᠭᠤᠯᠬᠤ ᠳᠤ ᠦᠨᠳᠦᠰᠦᠨ ᠵᠢᠷᠤᠮᠯᠠᠯ ᠬᠠᠩᠭᠠᠵᠠᠢ᠃ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠳᠣᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ ᠭᠡᠵᠦ ᠵᠢᠭᠠᠨ ᠭᠠᠷᠭᠠᠪᠠ᠃    ᠬᠤᠷᠠᠯ ᠠᠴᠠ᠂ ᠰᠣᠶᠣᠯ ᠤᠨ ᠤᠯᠠᠮᠵᠢᠯᠠᠯ ᠪᠠ ᠬᠠᠮᠠᠭᠠᠯᠠᠯᠲᠠ ᠶᠢ ᠰᠠᠶᠢᠲᠤᠷ ᠠᠳᠬᠤᠵᠤ᠂ ᠰᠣᠶᠣᠯ ᠤᠨ ᠦᠯᠡᠳᠡᠭᠳᠡᠯ ᠪᠠ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠤᠨ ᠤᠯᠠᠮᠵᠢᠯᠠᠯ ᠪᠠ ᠬᠠᠮᠠᠭᠠᠯᠠᠯᠲᠠ ᠶᠢ ᠴᠢᠩᠭᠠᠳᠬᠠᠵᠤ᠂ ᠠᠤᠬᠠᠨ ᠤ ᠣᠨᠴᠠᠯᠢᠭ ᠲᠠᠢ ᠣᠷᠣᠨ ᠪᠦᠰᠡ ᠶᠢᠨ ᠰᠣᠶᠣᠯ ᠤᠨ ᠲᠦᠷᠦᠯ ᠲᠡᠮᠳᠡᠭ ᠢ ᠡᠭᠦᠳᠬᠦ ᠬᠡᠷᠡᠭᠲᠡᠢ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠶᠢ ᠲᠦᠯᠬᠢᠨ ᠠᠬᠢᠭᠤᠯᠵᠤ᠂ ᠠᠷᠠᠳ ᠤᠯᠠᠨ ᠤ ᠤᠶᠤᠨ ᠤ ᠪᠠ ᠰᠣᠶᠣᠯ ᠤᠨ ᠠᠮᠢᠳᠤᠷᠠᠯ ᠢ ᠲᠠᠰᠤᠷᠠᠯᠳᠠ ᠦᠭᠡᠢ ᠪᠠᠶᠠᠯᠢᠭᠵᠢᠭᠤᠯᠬᠤ ᠬᠡᠷᠡᠭᠲᠡᠶ᠃ ᠰᠣᠶᠣᠯ ᠵᠢᠭᠤᠯᠴᠢᠯᠠᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠰᠣᠶᠤᠯ ᠢᠶᠠᠷ ᠵᠢᠭᠤᠯᠴᠢᠯᠠᠯ ᠢ    ᠱᠤᠭᠤᠵᠤ᠂ ᠵᠢᠭᠤᠯᠴᠢᠯᠠᠯ ᠢᠶᠠᠷ ᠰᠣᠶᠣᠯ ᠢ ᠲᠤᠪᠤᠶᠢᠯᠭᠠᠬᠤ ᠶᠢ ᠪᠠᠷᠢᠮᠲᠠᠯᠠᠵᠤ᠂ ᠡᠯᠪᠡᠭ ᠪᠠᠶᠠᠯᠢᠭ ᠰᠣᠶᠣᠯ ᠤᠨ ᠡᠬᠢ ᠪᠠᠶᠠᠯᠢᠭ ᠤᠨ ᠳᠠᠪᠠᠭᠤᠯᠢᠭ ᠢ ᠦᠨᠡᠨᠬᠦ ᠠᠵᠤ ᠠᠬᠤᠢ ᠶᠢᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠪᠠᠶᠢᠭᠤᠯᠤᠮᠵᠢ ᠲᠣᠭᠲᠠᠴᠠ ᠶᠢ ᠴᠢᠨᠠᠭᠰᠢᠳᠠ ᠰᠢᠯᠤᠭᠤᠳᠬᠠᠵᠤ᠂ ᠱᠠᠯᠠᠪᠳᠠᠭᠤᠯᠤᠨ ᠰᠢᠯᠭᠠᠬᠤ ᠬᠠᠮᠲᠤᠷᠠᠨ ᠬᠥᠳᠡᠯᠦᠯᠴᠡᠬᠦ  ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠃ ᠠᠵᠢᠯᠯᠠᠭ᠎ᠠ ᠶᠢᠨ ᠠᠴᠢᠶᠠᠯᠠᠪᠤᠷᠢ ᠪᠣᠯᠤᠨ ᠠᠷᠭ᠎ᠠ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠡᠯ᠎ᠡ ᠱᠠᠲᠤᠨ ᠤ ᠡᠯ᠎ᠡ ᠲᠦᠷᠦᠯ ᠤᠨ ᠰᠣᠶᠣᠯ ᠤᠨ ᠲᠥᠬᠦᠭᠡᠷᠦᠮᠵᠢ ᠪᠣᠯᠤᠨ ᠵᠢᠭᠰᠠᠭᠠᠯ ᠤᠨ ᠭᠠᠵᠠᠷ ᠢ ᠰᠠᠶᠢᠲᠤᠷ ᠠᠰᠢᠭᠯᠠᠵᠤ ᠂ ᠨᠠᠮ ᠤᠨ ᠰᠢᠨ᠎ᠡ ᠶᠢ ᠡᠭᠦᠳᠬᠦ ᠴᠢᠨᠠᠷᠲᠠᠢ ᠤᠨᠤᠯ ᠢ ᠰᠤᠷᠤᠯᠴᠠᠵᠤ ᠤᠬᠠᠭᠤᠯᠤᠨ  ᠳᠣᠭᠤᠰᠢᠯᠠᠭᠤᠯᠬᠤ ᠠᠵᠢᠯ ᠢ ᠪᠦᠬᠦᠨ ᠢ ᠪᠦᠷᠬᠦᠬᠦᠯᠬᠦ ᠬᠡᠯᠪᠡᠷᠢ ᠪᠠᠷ ᠥᠷᠨᠢᠭᠦᠯᠵᠦ᠂ ᠥᠷᠭᠡᠨ ᠤᠯᠠᠨ ᠺᠠᠳ᠋ᠷ ᠤᠯᠠᠨ ᠲᠦᠮᠡᠨ ᠤ ᠨᠠᠮ ᠤᠨ ᠤᠳᠤᠷᠢᠳᠤᠯᠭ᠎ᠠ ᠶᠢ ᠤᠯᠤᠰ ᠲᠦᠷᠦ ᠶᠢᠨ ᠲᠠᠯ᠎ᠠ ᠪᠠᠷ ᠮᠡᠳᠡᠷᠡᠬᠦ᠂ ᠦᠵᠡᠯ ᠰᠠᠨᠠᠭᠠᠨ ᠤ ᠲᠠᠯ᠎ᠠ ᠪᠠᠷ ᠮᠡᠳᠡᠷᠡᠬᠦ᠂ ᠬᠠᠶᠢᠷ᠎ᠠ ᠰᠡᠳᠬᠢᠯᠭᠡ ᠶᠢᠨ ᠲᠠᠯ᠎ᠠ ᠪᠠᠷ ᠮᠡᠳᠡᠷᠡᠬᠦ ᠶᠢ ᠴᠢᠩᠭᠠᠳᠬᠠᠬᠤ ᠬᠡᠷᠡᠭᠲᠡᠢ᠃ ᠢᠳᠡᠪᠬᠢ ᠬᠦᠴᠦᠨ ᠵᠦᠢᠯ ᠪᠦᠬᠦᠨ ᠢ ᠭᠦᠢᠴᠡᠳ ᠳᠠᠶᠢᠴᠢᠯᠠᠵᠤ᠂ ᠪᠦᠭᠦ ᠬᠤᠰᠢᠭᠤᠨ ᠤ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠴᠦ᠂ ᠰᠤᠷᠭᠠᠨ ᠬᠥᠮᠦᠵᠢᠭᠦᠯᠵᠦ ᠬᠦᠳᠦᠯᠦᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠭᠤᠣᠯ ᠵᠠᠭᠤᠴᠢᠯᠠᠭᠤᠷ ᠤᠨ ᠬᠠᠮᠢᠶᠠᠷᠤᠯᠲᠠ ᠶᠢ ᠴᠢᠩᠭᠠᠳᠬᠠᠵᠤ᠂ ᠭᠤᠣᠯ ᠬᠦᠭ ᠠᠶᠠᠰ᠂ ᠢᠳᠡᠪᠬᠢ ᠬᠦᠴᠦᠨ ᠢ ᠪᠠᠳᠠᠷᠠᠭᠤᠯᠬᠤ ᠶᠢ ᠵᠣᠷᠢᠭᠵᠢᠭᠤᠯᠵᠤ᠂ ᠰᠤᠷᠲᠠᠯ ᠴᠢᠬᠡᠴᠢ ᠣᠪᠣᠷ ᠲᠥᠪ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号