ᠮᠣᠳᠤᠨ ᠠᠶᠢᠯ ᠰᠢᠶᠠᠩ᠄ ᠦᠷ᠎ᠡ ᠪᠤᠶᠢᠵᠢᠭᠤᠯᠬᠤ ᠠᠵᠤ  ᠦᠢᠯᠡᠰ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ︽  ᠭᠤᠶᠤ  ᠰᠠᠶᠢᠬᠠᠨ ᠦᠵᠡᠮᠵᠢ︾ ᠶᠢ ᠵᠢᠷᠤᠭᠯᠠᠨ᠎ᠠ
ᠨᠡᠶᠢᠲᠡᠯᠡᠭᠰᠡᠨ ᠴᠠᠭ᠄
2023/9/21
   ᠦᠷ᠎ᠡ ᠪᠣᠯ ᠲᠠᠷᠢᠶᠠᠯᠠᠩ ᠤᠨ ᠰᠠᠭᠤᠷᠢ ᠮᠥᠨ᠃ ᠣᠶᠢᠷ᠎ᠠ ᠶᠢᠨ ᠵᠢᠯ ᠳᠤ᠂  ᠮᠣᠳᠤᠨ ᠠᠶᠢᠯ ᠰᠢᠶᠠᠩ ᠭᠠᠵᠠᠷ ᠰᠢᠷᠣᠶ ᠶᠢᠨ ᠥᠩ ᠰᠢᠮᠡᠯᠢᠭ ᠲᠤ ᠰᠠᠭᠤᠷᠢᠯᠠᠵᠤ᠂ ᠨᠡᠷᠡᠨ ᠤ ᠲᠤᠰᠤᠯᠲᠠ ᠭᠦᠢᠴᠡᠳ ᠣᠷᠣᠨ ᠪᠠᠶᠢᠷᠢ ᠶᠢᠨ ᠳᠠᠪᠠᠭᠤᠯᠢᠭ ᠲᠠᠢ᠂ ᠦᠷ᠎ᠡ ᠪᠤᠶᠢᠵᠢᠭᠤᠯᠬᠤ ᠠᠵᠤ ᠦᠢᠯᠡᠰ ᠢ ᠬᠥᠭᠵᠢᠭᠦᠯᠬᠦ ᠶᠠᠪᠤᠳᠠᠯ ᠢ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠪᠠ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠪᠣᠳᠠᠲᠤ ᠬᠦᠴᠦᠨ ᠢᠶᠠᠷ ᠴᠢᠩᠭ᠎ᠠ᠂ ᠮᠡᠷᠭᠡᠵᠢᠯ ᠢᠶᠠᠷ ᠴᠢᠩᠭ᠎ᠠ᠂ ᠢᠲᠡᠭᠡᠯ ᠬᠦᠨᠳᠦ ᠪᠠᠷ ᠰᠠᠶᠢᠨ ᠦᠷ᠎ᠡ ᠦᠢᠯᠡᠳᠬᠦ ᠺᠣᠮᠫᠠᠨᠢ ᠳᠤ ᠲᠦᠰᠢᠭᠯᠡᠨ᠂ ︽ᠺᠣᠮᠫᠠᠨᠢ + ᠰᠠᠭᠤᠷᠢᠨ ᠭᠠᠵᠠᠷ + ᠬᠤᠷᠰᠢᠶ᠎ᠡ + ᠲᠠᠷᠢᠶᠠᠴᠢᠨ ᠡᠷᠦᠬᠡ︾ ᠶᠢᠨ ᠠᠵᠤ ᠦᠢᠯᠡᠰ ᠤᠨ ᠲᠠᠷᠢᠮᠠᠯ ᠤᠨ ᠵᠠᠭᠪᠤᠷ ᠢᠶᠠᠷ ᠵᠠᠮᠨᠠᠵᠤ᠂ ᠡᠷᠳᠡᠨᠢ ᠰᠢᠰᠢ᠂ ᠠᠵᠤ ᠠᠬᠤᠢ ᠶᠢᠨ ᠲᠠᠷᠢᠮᠠᠯ᠂ ᠭᠤᠸᠠ ᠨᠣᠭᠤᠭ᠎ᠠ ᠲᠠᠷᠢᠬᠤ ᠲᠠᠯᠠᠪᠠᠢ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠲᠤᠯᠭᠠᠭᠤᠷᠢ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠥᠷᠭᠡᠳᠬᠡᠨ᠎ᠡ᠃     ︽ᠡᠳᠡᠭᠡᠷ ᠵᠢᠯ ᠤᠳ ᠲᠤ ᠡᠷᠳᠡᠨᠢ ᠰᠢᠰᠢ ᠳᠠᠷᠢᠬᠤ ᠦᠷ᠎ᠡ ᠠᠰᠢᠭ ᠲᠣᠭᠲᠠᠭᠤᠨ ᠢᠶᠠᠷ ᠳᠡᠭᠡᠭᠰᠢᠯᠡᠵᠦ᠂ ᠲᠣᠰᠬᠤᠨ ᠤ ᠬᠥᠮᠦᠰ ᠤᠨ ᠠᠵᠤ ᠠᠬᠤᠶ ᠶᠢᠨ ᠣᠷᠣᠯᠭ᠎ᠠ ᠴᠤ ᠨᠡᠯᠢᠶᠡᠳ ᠰᠠᠶᠢᠨ ᠪᠠᠶᠢᠨ᠎ᠠ᠃ ᠡᠨᠡ ᠵᠢᠯ ᠤᠨ ᠡᠨᠡᠬᠦ ᠤᠷᠭᠤᠴᠠ ᠶᠢᠨ ᠪᠠᠶᠢᠳᠠᠯ ᠢ ᠦᠵᠡᠬᠦ ᠳᠤ᠂ ᠣᠷᠣᠯᠭ᠎ᠠ ᠨᠢ ᠠᠰᠠᠭᠤᠳᠠᠯ ᠦᠭᠡᠶ ᠪᠠᠶᠢᠬᠤ ᠶᠣᠰᠣᠲᠠᠶ᠂ ᠦᠨᠦᠳᠦᠷ ᠤᠨ ᠠᠮᠢᠳᠤᠷᠠᠯ ᠶᠠᠪᠤᠬᠤ ᠲᠤᠲᠤᠮ ᠰᠠᠶᠢᠨ ᠪᠣᠯᠵᠤ ᠪᠠᠶᠢᠨ᠎ᠠ ᡽︾ ᠭᠡᠵᠦ ᠯᠣᠣ ᠰᠢ ᠳ᠋ᠢᠶᠠᠨ ᠲᠣᠰᠬᠤᠨ ᠤ ᠨᠠᠮ ᠤᠨ ᠶᠡᠷᠦᠩᠬᠡᠢ ᠡᠭᠦᠷ ᠤᠨ ᠱᠦᠵᠢ ᠱᠧᠩ ᠯᠢ ᠬᠡᠯᠡᠪᠡ᠃    ᠡᠨᠡ ᠵᠢᠯ ᠠᠴᠠ ᠨᠠᠰᠢ᠂  ᠮᠣᠳᠤᠨ ᠠᠶᠢᠯ ᠰᠢᠶᠠᠩ ︽ᠵᠠᠰᠠᠭ ᠤᠨ ᠣᠷᠳᠣᠨ ᠬᠦᠳᠦᠯᠦᠨ ᠵᠢᠯᠣᠭᠤᠳᠬᠤ᠂ ᠤᠯᠠᠨ ᠲᠦᠮᠡᠨ ᠰᠠᠶᠢᠨ ᠳᠤᠷ᠎ᠠ ᠠᠴᠠ ᠪᠠᠨ ᠣᠷᠤᠯᠴᠠᠬᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠬᠤ᠂ ᠲᠣᠯᠣᠭᠠᠶᠢᠯᠠᠨ ᠳᠠᠶᠢᠴᠢᠯᠠᠬᠤ᠂ ᠬᠤᠷᠰᠢᠶ᠎ᠠ ᠪᠠᠷ ᠲᠦᠷᠦᠭᠦᠯᠡᠭᠦᠯᠬᠦ︾ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠪᠠᠷ ᠳᠠᠮᠵᠢᠭᠤᠯᠵᠤ᠂ ︽ᠵᠠᠬᠢᠶᠠᠯᠠᠭ᠎ᠠ ᠪᠠᠷ ᠲᠠᠷᠢᠬᠤ᠂ ᠲᠤᠰᠬᠠᠶᠢᠵᠢᠭᠤᠯᠤᠨ ᠬᠠᠮᠢᠶᠠᠷᠬᠤ᠂ ᠬᠡᠪᠴᠢᠶᠡᠵᠢᠭᠦᠯᠦᠨ ᠦᠢᠯᠡᠳᠪᠦᠷᠢᠯᠡᠬᠦ᠂ ᠭᠡᠷ᠎ᠡ ᠪᠠᠷ ᠬᠤᠳᠠᠯᠳᠤᠨ ᠠᠪᠬᠤ︾ ᠠᠵᠢᠯᠯᠠᠭᠠᠨ ᠤ ᠵᠠᠭᠪᠤᠷ ᠶᠣᠰᠣᠭᠠᠷ᠂ ᠲᠠᠷᠢᠶᠠᠴᠢᠨ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠠᠵᠤ ᠠᠬᠤᠢ ᠶᠢᠨ ᠲᠠᠷᠢᠮᠠᠯ ᠳᠠᠷᠢᠭᠤᠯᠵᠤ᠂ ᠲᠠᠷᠢᠶᠠᠴᠢᠳ ᠤᠨ ᠲᠠᠷᠢᠬᠤ ᠮᠡᠷᠭᠡᠵᠢᠯ ᠡᠳᠦᠷ ᠢᠷᠡᠬᠦᠶ᠎ᠡ ᠪᠣᠯᠪᠠᠰᠤᠷᠠᠩᠭᠤᠢ ᠪᠣᠯᠵᠠᠢ᠃ ᠪᠦᠬᠦ ᠰᠢᠶᠠᠩ ᠤᠨ 10 ᠲᠣᠰᠬᠤᠨ ᠪᠣᠯᠤᠨ ᠤᠯᠠᠨ ᠦᠷ᠎ᠡ ᠪᠤᠶᠢᠵᠢᠭᠤᠯᠬᠤ ᠠᠵᠤ ᠠᠬᠤᠶᠢᠯᠠᠯ ᠤᠨ ᠡᠷᠳᠡᠨᠢ ᠰᠢᠰᠢ ᠶᠢᠨ ᠦᠷ᠎ᠡ ᠪᠤᠶᠢᠵᠢᠭᠤᠯᠬᠤ ᠲᠠᠯᠠᠪᠠᠢ 8000 ᠭᠠᠷᠤᠢ ᠮᠦ᠂ ᠰᠢᠰᠢ ᠶᠢᠨ ᠦᠷ᠎ᠡ ᠪᠤᠶᠢᠵᠢᠭᠤᠯᠬᠤ ᠲᠠᠯᠠᠪᠠᠢ 1500 ᠭᠠᠷᠤᠢ ᠮᠦ ᠶᠢ ᠨᠠᠶᠢᠳᠠᠪᠤᠷᠢᠵᠢᠭᠤᠯᠵᠤ᠂ ᠥᠨᠳᠥᠷ ᠤᠨᠠᠯᠲᠠ ᠲᠠᠢ ᠡᠯᠪᠡᠭ ᠬᠤᠷᠢᠶᠠᠯᠲᠠ ᠲᠠᠢ ᠰᠢᠨ᠎ᠡ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠦᠷ᠎ᠡ ᠪᠤᠶᠢᠵᠢᠭᠤᠯᠬᠤ ᠠᠵᠤ ᠦᠢᠯᠡᠰ ᠲᠣᠭᠲᠠᠭᠤᠨ ᠢᠶᠠᠷ ᠪᠤᠵᠠᠭᠠᠶᠢᠷᠠᠵᠤ᠂ ᠨᠢᠭᠡᠨᠲᠡ ᠮᠠᠨ ᠤ ᠰᠢᠶᠠᠩ ᠤᠨ ︽ᠲᠩᠷᠢ ᠶᠢᠨ ᠴᠠᠭ ᠭᠠᠵᠠᠷ ᠤᠨ ᠠᠰᠢᠭ ᠢ ᠣᠯᠵᠤ᠂ ᠲᠦᠷᠦ ᠶᠢᠨ ᠪᠤᠳᠤᠯᠭ᠎ᠠ ᠠᠷᠠᠳ ᠤᠨ ᠰᠠᠨᠠᠭᠠᠨ ᠳᠤ ᠨᠡᠶᠢᠴᠡᠬᠦ︾ ᠠᠷᠠᠳ ᠢ ᠪᠠᠶᠠᠵᠢᠭᠤᠯᠬᠤ ᠠᠵᠤ ᠦᠢᠯᠡᠰ ᠪᠣᠯᠵᠠᠢ᠃     ᠮᠣᠳᠤᠨ ᠠᠶᠢᠯ ᠲᠣᠰᠬᠤᠨ ᠤ ᠬᠦᠢᠳᠡᠨ ᠰᠠᠷᠠᠪᠴᠢᠨ ᠳᠤ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ 2020 ᠣᠨ ᠳᠤ ᠪᠦᠳᠦᠭᠡᠨ ᠪᠠᠶᠢᠭᠤᠯᠵᠤ᠂ ︽ᠵᠠᠬᠢᠶᠠᠯᠠᠭ᠎ᠠ ᠶᠢᠨ ᠮᠠᠶ᠋ᠢᠭ︾ ᠤᠨ ᠦᠢᠯᠡᠳᠪᠦᠷᠢᠯᠡᠯ ᠤᠨ ᠵᠠᠭᠪᠤᠷ ᠢ ᠬᠡᠷᠡᠭᠯᠡᠵᠦ᠂ ᠺᠣᠮᠫᠠᠨᠢ ᠶᠢᠨ ᠬᠡᠷᠡᠭᠴᠡᠭᠡ ᠶᠣᠰᠣᠭᠠᠷ ᠯᠠᠵᠤᠤ᠂ ᠲᠥᠪᠡᠳ ᠬᠠᠰᠢ᠂ ᠲᠠᠷᠪᠤᠰ᠂ ᠥᠷᠭᠡᠰᠦᠲᠦ ᠬᠡᠮᠬᠡ᠂ ᠪᠣᠷᠣ ᠤᠳᠪᠠᠯᠠ ᠴᠡᠴᠡᠭ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠢ ᠲᠠᠷᠢᠵᠤ᠂ ᠲᠠᠷᠢᠮᠠᠯ ᠪᠣᠯᠪᠠᠰᠤᠷᠠᠭᠰᠠᠨ ᠤ ᠲᠠᠷᠠᠭ᠎ᠠ ᠺᠣᠮᠫᠠᠨᠢ ᠠᠴᠠ ᠮᠡᠷᠭᠡᠵᠢᠯ ᠤᠨ ᠵᠢᠯᠤᠭᠤᠳᠤᠯᠭ᠎ᠠ ᠬᠢᠵᠦ᠂ ᠲᠠᠷᠢᠮᠠᠯ ᠤᠨ ᠦᠷ᠎ᠡ ᠶᠢ ᠨᠢᠭᠡᠳᠦᠯᠲᠡᠶ ᠪᠠᠷ ᠬᠤᠷᠢᠶᠠᠨ ᠠᠪᠴᠤ᠂ ᠬᠦᠢᠳᠡᠨ ᠰᠠᠷᠠᠪᠴᠢᠨ ᠴᠡᠪᠡᠷ ᠣᠷᠣᠯᠭ᠎ᠠ ᠨᠢ 2 ᠲᠦᠮᠡ ᠭᠠᠷᠤᠶ ᠲᠥᠭᠦᠷᠢᠭ ᠲᠤ ᠬᠦᠷᠦᠨ᠎ᠡ᠃ ᠬᠦᠢᠲᠡᠨ ᠰᠠᠷᠠᠪᠴᠢᠨ ᠳᠤ ᠦᠷ᠎ᠡ ᠪᠤᠶᠢᠵᠢᠭᠤᠯᠬᠤ ᠲᠥᠷᠥᠯ ᠵᠦᠢᠯ ᠨᠢ ᠰᠠᠷᠠᠪᠴᠢᠨ ᠡᠷᠦᠬᠡ ᠶᠢ ᠵᠣᠭᠤᠰ ᠣᠯᠭᠤᠭᠰᠠᠨ ᠢᠶᠠᠷ ᠪᠠᠷᠠᠬᠤ ᠦᠭᠡᠶ᠂ ᠪᠠᠰᠠ ᠲᠤᠰ ᠭᠠᠴᠠᠭ᠎ᠠ ᠵᠢᠴᠢ ᠡᠷᠭᠢᠨ ᠲᠣᠭᠤᠷᠢᠨ ᠤ ᠭᠠᠴᠠᠭᠠᠨ ᠤ ᠠᠷᠠᠳ ᠪᠣᠯᠤᠨ  ᠡᠮᠡᠭᠲᠠᠶᠢᠴᠦᠳ ᠢ ᠲᠠᠷᠢᠶᠠᠯᠠᠩ ᠤᠨ ᠰᠡᠯᠡᠭᠦᠦ ᠴᠠᠭ ᠲᠤ ᠢᠯᠡᠭᠦᠴᠡ ᠣᠷᠣᠯᠭ᠎ᠠ ᠲᠠᠢ ᠪᠣᠯᠭᠠᠵᠤ᠂ ᠬᠦᠢᠲᠡᠨ ᠰᠠᠷᠠᠪᠴᠢᠨ ᠳᠤ ᠣᠴᠢᠵᠤ  ᠠᠵᠢᠯᠯᠠᠪᠠᠯ  ᠬᠥᠮᠦᠨ ᠪᠦᠷᠢ ᠡᠳᠦᠷ ᠲᠤ 150—180 ᠲᠥᠭᠦᠷᠢᠭ ᠤᠨ ᠣᠷᠣᠯᠭ᠎ᠠ ᠲᠠᠢ ᠪᠣᠯᠭᠠᠨ᠎ᠠ᠃    ᠳᠠᠷᠠᠭᠠᠴᠢ ᠶᠢᠨ ᠠᠯᠬᠤᠮ ᠳᠤ᠂ ᠮᠣᠳᠣᠨ ᠠᠶᠢᠯ ᠰᠢᠶᠠᠩ ᠤᠨ ᠬᠢᠨ ᠦᠷᠭᠦᠯᠵᠢᠯᠡᠨ ᠺᠣᠮᠫᠠᠨᠢ ᠠᠴᠠ ᠲᠥᠪᠯᠡᠷᠡᠭᠦᠯᠦᠨ ᠬᠠᠮᠢᠶᠠᠷᠤᠨ ᠡᠵᠡᠮᠳᠡᠬᠦ ᠪᠠ ᠲᠠᠷᠢᠶᠠᠴᠢᠨ ᠡᠷᠦᠬᠡ ᠶᠢᠨ ᠲᠠᠷᠠᠬᠠᠢ ᠳᠠᠷᠢᠬᠤ ᠶᠢ ᠤᠶᠠᠯᠳᠤᠭᠤᠯᠬᠤ᠂ ᠲᠤᠷᠰᠢᠯᠲᠠ ᠬᠢᠵᠦ ᠵᠢᠱᠢᠶ᠎ᠡ ᠦᠵᠡᠭᠦᠯᠬᠦ ᠪᠠ ᠰᠢᠨᠵᠢᠯᠡᠬᠦ ᠤᠬᠠᠭᠠᠨ ᠮᠡᠷᠭᠡᠵᠢᠯ ᠢ ᠳᠡᠯᠭᠡᠷᠡᠭᠦᠯᠬᠦ ᠶᠢ ᠤᠶᠠᠯᠳᠤᠭᠤᠯᠬᠤ ᠠᠷᠭ᠎ᠠ ᠬᠡᠯᠪᠡᠷᠢ ᠶᠢ ᠠᠪᠴᠤ᠂ ᠡᠷᠳᠡᠨᠢ ᠰᠢᠰᠢ᠂ ᠰᠢᠰᠢ᠂ ᠥᠷᠭᠡᠰᠦᠲᠦ ᠬᠡᠮᠬᠡ᠂ ᠯᠠᠵᠤᠤ ᠵᠡᠷᠭᠡ ᠲᠠᠷᠢᠮᠠᠯ ᠢ ᠬᠡᠪᠴᠢᠶᠡᠵᠢᠭᠦᠯᠦᠨ ᠬᠥᠭᠵᠢᠭᠦᠯᠵᠦ᠂ ᠵᠢᠵᠢᠭ ᠦᠷ᠎ᠡ ᠪᠠᠷ ᠲᠤᠮᠤ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ ᠭᠤᠶᠤ ᠰᠠᠶᠢᠬᠠᠨ ᠦᠵᠡᠮᠵᠢ︾ ᠶᠢ ᠵᠢᠷᠤᠭᠯᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号