| ᠬᠠᠷᠢᠶᠠᠲᠤ ᠣᠷᠣᠨ ᠤ ᠳᠣᠲᠣᠷᠠᠬᠢ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ | ᠠᠯᠬᠤᠮ ᠴᠢᠩᠭᠠᠳᠬᠠᠵᠤ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠬᠦ ᠪᠠ | ᠪᠠᠭᠠᠰᠬᠠᠬᠤ ᠶᠢᠨ ᠲᠤᠰᠠᠳᠠ᠂ ᠮᠠᠨᠢᠬᠠᠨ ᠰᠢᠶᠠᠩ ᠤᠨ ᠬᠢᠨ ᠪᠦᠬᠦᠨ ᠢ ᠪᠦᠷᠬᠦᠬᠦᠯᠦᠨ ᠪᠠᠶᠢᠴᠠᠭᠠᠬᠤ᠂ ᠠᠰᠠᠭᠤᠳᠠᠯ ᠢ | ᠳᠠᠪᠲᠠᠨ ᠪᠠᠶᠢᠴᠠᠭᠠᠬᠤ ᠵᠡᠷᠭᠡ ᠠᠷᠭ᠎ᠠ ᠬᠡᠯᠪᠡᠷᠢ ᠪᠠᠷ ᠠᠮᠤᠷ ᠲᠦᠪᠰᠢᠨ ᠤ ᠬᠡᠮ ᠰᠣᠭᠤᠭ ᠢ ᠠᠷᠢᠯᠭᠠᠵᠤ᠂ ᠬᠠᠷᠢᠶ᠎ᠠ | ᠣᠷᠣᠨ ᠤ ᠪᠠᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ | ᠪᠦᠬᠦ ᠬᠦᠴᠦᠨ ᠢᠶᠠᠷ ᠢᠶᠠᠨ ᠪᠠᠲᠤᠯᠠᠪᠠ᠃ | ᠪᠦᠬᠦ ᠶᠠᠪᠤᠴᠠ ᠶᠢ ᠬᠢᠨᠠᠨ ᠵᠢᠯᠣᠭᠤᠳᠬᠤ ᠳᠤ ᠥᠴᠦᠬᠡᠨ ᠴᠦ ᠬᠤᠶᠢᠷᠭᠤᠰᠢᠬᠤ ᠦᠭᠡᠢ᠃ ᠰᠢᠶᠠᠩ ᠤᠨ ᠨᠠᠮ ᠤᠨ | ᠬᠤᠷᠢᠶ᠎ᠠ᠂ ᠵᠠᠰᠠᠭ ᠤᠨ ᠣᠷᠳᠣᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ | ᠲᠤᠰᠬᠠᠶ ᠰᠡᠳᠦᠪᠲᠦ ᠬᠤᠷᠠᠯ ᠬᠤᠷᠠᠯᠳᠣᠵᠤ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠨ᠂ ᠠᠵᠢᠯ ᠤᠨ | ᠬᠤᠪᠢᠶᠠᠷᠢᠯᠠᠯ ᠢᠶᠠᠨ ᠨᠠᠷᠢᠯᠢᠬᠵᠢᠭᠤᠯᠵᠤ᠂ ᠭᠤᠤᠯᠳᠠᠯᠭ᠎ᠠ ᠪᠠᠨ ᠳᠣᠪᠤᠶᠢᠯᠭᠠᠨ᠂ ᠪᠠᠶᠢᠴᠠᠭᠠᠵᠤ ᠵᠢᠭᠰᠠᠭᠠᠨ ᠴᠡᠭᠴᠡᠯᠡᠨ | ᠵᠠᠰᠠᠬᠤ ᠠᠵᠢᠯ ᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠪᠡ᠃ ︽ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠥᠪᠴᠢ︾ | ᠶᠢ ᠴᠠᠭ ᠢᠮᠠᠭᠲᠠ ᠴᠢᠩᠭᠠᠷᠠᠭᠤᠯᠵᠤ᠂ ᠠᠮᠤᠷ ᠲᠦᠪᠰᠢᠨ ᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ | ᠴᠢᠨᠠᠷ ᠰᠠᠶᠢᠲᠠᠶ᠂ ᠡᠷᠴᠢᠮᠲᠡᠶ ᠪᠡᠶᠡᠯᠡᠭᠦᠯᠬᠦ ᠶᠢᠨ ᠬᠠᠮᠲᠤ ᠰᠢᠲᠠᠮᠠᠬᠠᠶ ᠬᠡᠶ ᠶᠢᠨ ᠠᠮᠤᠷ ᠲᠦᠪᠰᠢᠨ ᠤ ︽ᠡᠷᠬᠢᠨ | ᠬᠠᠷᠠᠬᠤ︾ ᠠᠵᠢᠯ ᠢ ᠴᠠᠭ ᠲᠤᠬᠠᠶ ᠳᠤᠨᠢ ᠥᠷᠨᠢᠭᠦᠯᠵᠦ᠂ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠨ | ᠪᠠᠬᠢᠵᠢᠭᠦᠯᠦᠨ᠎ᠡ᠃ | ᠳᠠᠯᠳᠠ ᠬᠡᠮ ᠢ ᠵᠢᠭᠰᠠᠭᠠᠨ ᠪᠠᠶᠢᠴᠠᠭᠠᠬᠤ ᠳᠤ ᠣᠷᠬᠢᠭᠳᠠᠭᠤᠯᠬᠤ ᠥᠬᠡᠶ᠃ ᠠᠶᠤᠯᠭᠦᠶ ᠦᠢᠯᠡᠳᠪᠦᠷᠢᠯᠡᠯ ᠤᠨ | ᠬᠢᠨᠠᠯᠲᠠ ᠬᠠᠮᠢᠶᠠᠷᠤᠯᠲᠠ ᠶᠢᠨ ᠠᠯᠪᠠᠨ ᠬᠡᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ᠂ | ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠯᠪᠠᠨ ᠬᠡᠷ ᠢᠶᠠᠷ ᠪᠦᠷᠢᠯᠳᠦᠭᠰᠡᠨ ᠠᠵᠢᠯ ᠤᠨ ᠲᠤᠰᠬᠠᠶ ᠠᠩᠭᠢ ᠶᠢ | ᠪᠠᠶᠢᠭᠤᠯᠵᠤ᠂ ︽ᠨᠢᠭᠡ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠨᠢᠭᠡ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ︾ | ᠵᠠᠷᠴᠢᠮ ᠶᠣᠰᠣᠭᠠᠷ ᠬᠠᠷᠢᠶᠠᠲᠤ ᠣᠷᠣᠨ ᠤ ᠳᠣᠲᠣᠷᠠᠬᠢ ᠠᠵᠤ ᠠᠬᠤᠶᠢᠯᠠᠯ᠂ ᠬᠤᠭᠤᠯᠠᠨ ᠬᠡᠷ᠂ ᠰᠠᠭᠤᠭᠠᠯᠢ | ᠡᠷᠦᠬᠡ ᠳᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠ ᠰᠢᠮᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠤᠨ᠎ᠠ | ᠃ ᠠᠰᠠᠭᠤᠳᠠᠯ ᠤᠨ ᠳᠠᠯᠳᠠ ᠬᠡᠮ ᠤᠨ ᠨᠠᠷᠢᠨ ᠬᠠᠭᠤᠳᠠᠰᠤ ᠶᠢ ᠪᠠᠶᠢᠭᠤᠯᠵᠤ᠂ ᠰᠢᠲᠠᠮᠠᠬᠠᠶ ᠬᠡᠶ ᠶᠢᠨ ᠠᠮᠤᠷ | ᠲᠦᠪᠰᠢᠨ ᠤ ᠶᠡᠷᠦᠩᠬᠡᠶ ᠪᠠᠶᠢᠳᠠᠯ ᠢ ᠲᠣᠳᠣᠷᠬᠠᠶ ᠤᠶᠢᠯᠠᠭᠠᠨ᠂ ᠬᠠᠷᠢᠭᠤᠴᠠᠯᠭ᠎ᠠ ᠡᠭᠦᠷᠭᠡᠯᠡᠭᠴᠢ ᠪᠠ ᠴᠡᠭᠴᠡᠯᠡᠨ | ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠨᠢᠭᠡᠳ ᠨᠢᠭᠡ ᠪᠠᠷ ᠳ᠋ᠤᠭᠠᠷ ᠢ ᠬᠠᠰᠤᠵᠤ ᠴᠡᠭᠴᠡᠯᠡᠨ | ᠰᠠᠶᠢᠵᠢᠷᠠᠭᠤᠯᠤᠨ᠎ᠠ᠃ ᠣᠲᠣ ᠪᠣᠯᠲᠠᠯ᠎ᠠ ᠂ ᠨᠡᠶᠢᠲᠡ 20 ᠭᠠᠷᠤᠶ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ ᠣᠲᠣ | ᠨᠢᠭᠡᠨᠲᠡ ᠪᠦᠬᠦᠨ ᠢ ᠴᠡᠭᠴᠡᠯᠡᠨ ᠵᠠᠰᠠᠵᠤ ᠳᠠᠭᠤᠰᠬᠠᠵᠠᠶ᠃ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠥᠴᠦᠬᠡᠨ ᠴᠦ ᠢᠯᠳᠠᠷ ᠬᠠᠶᠠᠬᠤ ᠥᠬᠡᠶ᠃ ᠢᠯᠡ ᠪᠠᠷ | ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ᠂ ᠰᠡᠷᠡᠮᠵᠢᠯᠡᠭᠦᠯᠦᠨ ᠮᠡᠳᠡᠭᠡᠯᠡᠬᠦ ᠵᠡᠷᠭᠡ ᠠᠷᠭ᠎ᠠ ᠪᠠᠷᠢᠯ ᠢᠶᠠᠷ ᠳᠡᠮᠵᠢᠨ | ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠥᠬᠡᠶ ᠠᠵᠤ | ᠠᠬᠤᠶᠢᠯᠠᠯ᠂ ᠬᠤᠭᠤᠯᠠᠨ ᠬᠡᠷ ᠵᠢᠴᠢ ᠬᠤᠪᠢ ᠬᠥᠮᠦᠨ ᠳᠤ ᠭᠤᠤᠯᠳᠠᠯᠭ᠎ᠠ ᠲᠠᠢ ᠬᠠᠤᠯᠢ ᠬᠡᠷᠡᠭᠵᠢᠭᠦᠯᠦᠨ᠎ᠡ᠃ ᠬᠠᠤᠯᠢ | ᠬᠡᠷᠡᠭᠵᠢᠭᠦᠯᠬᠦ ᠶᠢᠨ ᠳᠠᠭᠠᠤ ᠬᠠᠤᠯᠢ ᠴᠠᠭᠠᠵᠠ ᠶᠢ ᠲᠦᠭᠡᠮᠡᠯᠵᠢᠭᠦᠯᠵᠦ᠂ ᠪᠠᠶᠢᠴᠠᠭᠠᠬᠤ ᠶᠢᠨ ᠳᠠᠭᠠᠤ ᠤᠬᠠᠭᠤᠯᠬᠤ ᠶᠢ | ᠪᠠᠷᠢᠮᠲᠠᠯᠠᠨ᠎ᠠ᠃ ᠰᠢᠲᠠᠮᠠᠬᠠᠶ ᠬᠡᠶ ᠶᠢᠨ ᠠᠮᠤᠷ ᠲᠦᠪᠰᠢᠨ ᠤ ᠮᠡᠳᠡᠯᠭᠡ ᠶᠢ ᠰᠢᠨᠵᠢᠯᠡᠬᠦ ᠤᠬᠠᠭᠠᠨ ᠢᠶᠠᠷ | ᠲᠦᠭᠡᠮᠡᠯᠵᠢᠭᠦᠯᠵᠦ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠰᠢᠲᠠᠮᠠᠬᠠᠶ ᠬᠡᠶ ᠶᠢ ᠵᠥᠪ ᠬᠡᠷᠡᠭᠯᠡᠬᠦ᠂ | ᠵᠢᠷᠤᠮᠵᠢᠭᠤᠯᠤᠨ ᠬᠡᠷᠡᠭᠯᠡᠬᠦ᠂ ᠠᠮᠤᠷ ᠲᠦᠪᠰᠢᠨ ᠢᠶᠠᠷ ᠬᠡᠷᠡᠭᠯᠡᠬᠦ ᠪᠣᠯᠭᠠᠨ᠎ᠠ᠃ ᠣᠯᠠᠨ ᠨᠡᠶᠢᠲᠡ ᠶᠢᠨ ᠢᠯᠡᠴᠢᠯᠡᠨ | ᠮᠡᠳᠡᠭᠦᠯᠬᠦ ᠳᠤ ᠬᠢᠨᠠᠯᠲᠠ ᠲᠠᠯᠪᠢᠬᠤ ᠪᠠ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠬᠦ ᠲᠣᠭᠲᠠᠴᠠ ᠶᠢ | ᠰᠦᠪᠡᠭᠴᠢᠯᠡᠨ ᠪᠠᠶᠢᠭᠤᠯᠵᠤ᠂ ᠰᠢᠲᠠᠮᠠᠬᠠᠶ ᠬᠡᠶ ᠶᠢᠨ ᠠᠮᠤᠷ ᠲᠦᠪᠰᠢᠨ ᠳᠤ ᠬᠤᠯᠪᠣᠭᠳᠠᠭᠰᠠᠨ ᠢᠯᠡᠴᠢᠯᠡᠨ | ᠮᠡᠳᠡᠭᠦᠯᠦᠭᠰᠡᠨ ᠰᠦᠪᠡᠭᠴᠢ ᠶᠢ ᠲᠦᠷᠭᠡᠨ ᠬᠢᠨᠠᠨ ᠬᠠᠷᠭᠤᠭᠤᠯᠵᠤ᠂ ᠵᠣᠬᠢᠬᠤ ᠬᠡᠮᠵᠢᠶᠡᠨ ᠤ ᠱᠠᠩᠨᠠᠯ ᠣᠯᠭᠤᠬᠤ | ᠬᠡᠷᠡᠭᠲᠡᠶ᠃ |