ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠳᠥᠷᠪᠡᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠲᠥᠰᠦᠪ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠴᠢᠩᠭᠠᠳᠬᠠᠨ᠎ᠠ
ᠨᠡᠶᠢᠲᠡᠯᠡᠭᠰᠡᠨ ᠴᠠᠭ᠄
2023/9/22
     ᠨᠢᠭᠡ ᠳᠤ  ᠂ ᠠᠷᠪᠢᠯᠠᠨ ᠭᠠᠮᠨᠠᠬᠤ ᠦᠵᠡᠯ ᠰᠠᠨᠠᠭ᠎ᠠ ᠶᠢ  ᠪᠤᠢ ᠪᠣᠯᠭᠠᠵᠤ᠂ ᠡᠩ ᠤᠨ ᠴᠢᠨᠠᠷᠲᠠᠶ ᠵᠠᠷᠤᠯᠭ᠎ᠠ ᠶᠢ ᠪᠠᠭᠠᠰᠬᠠᠨ᠎ᠠ᠃ ᠲᠥᠪ ᠂ ᠥᠪᠡᠷᠲᠡᠭᠡᠨ ᠵᠠᠰᠠᠬᠤ ᠣᠷᠣᠨ᠂ ᠬᠤᠲᠠ ᠪᠣᠯᠤᠨ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠠᠷᠪᠢᠯᠠᠨ ᠭᠠᠮᠨᠠᠵᠤ᠂ ᠠᠷᠪᠢᠯᠠᠨ ᠭᠠᠮᠨᠠᠬᠤ ᠶᠢ ᠪᠠᠷᠢᠮᠲᠠᠯᠠᠨ ᠪᠦᠷᠢᠯᠭᠡᠨ ᠰᠦᠢᠳᠬᠡᠬᠦ  ᠶᠢ ᠡᠰᠡᠷᠭᠦᠴᠡᠬᠦ ᠲᠤᠬᠠᠶ  ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠴᠢᠩᠭ᠎ᠠ  ᠳᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠲᠥᠰᠦᠪ ᠢ ᠴᠢᠩᠭ᠎ᠠ ᠨᠢᠮᠪᠠᠶ ᠨᠠᠶᠢᠷᠠᠭᠤᠯᠤᠨ  ᠵᠣᠬᠢᠶᠠᠨ᠎ᠠ᠃ ᠡᠩ ᠤᠨ ᠴᠢᠨᠠᠷᠲᠠᠶ ᠵᠠᠷᠤᠯᠭ᠎ᠠ ᠶᠢ ᠡᠷᠡᠰ ᠪᠠᠭᠠᠰᠬᠠᠵᠤ᠂ ︽ᠠᠯᠪᠠᠨ ᠤ ᠭᠤᠷᠪᠠᠨ ᠵᠠᠷᠤᠳᠠᠯ︾ ᠤᠨ ᠲᠥᠰᠦᠪ ᠢ ᠴᠢᠩᠭ᠎ᠠ ᠬᠢᠵᠠᠭᠠᠷᠯᠠᠵᠤ᠂ ᠲᠥᠰᠦᠪ ᠤᠨ ᠬᠢᠵᠠᠭᠠᠷᠯᠠᠯ ᠢ ᠴᠢᠩᠳᠠᠯᠠᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠥᠪᠰᠢᠶᠡᠷᠡᠭᠰᠡᠨ ᠲᠥᠰᠦᠪ ᠢ ᠴᠢᠩᠭ᠎ᠠ ᠵᠢᠷᠤᠮᠯᠠᠨ  ᠭᠦᠢᠴᠡᠳᠬᠡᠨ᠎ᠡ᠃    ᠬᠤᠶᠠᠷ ᠲᠤ  ᠂ ᠲᠥᠰᠦᠪ ᠢ ᠨᠠᠶᠢᠷᠠᠭᠤᠯᠤᠨ ᠵᠣᠬᠢᠶᠠᠬᠤ ᠠᠵᠢᠯ ᠢ ᠴᠢᠩᠳᠠᠯᠠᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢ ᠰᠠᠶᠢᠲᠤᠷ ᠬᠢᠨ᠎ᠡ᠃ ᠢᠳᠡᠪᠬᠢᠲᠡᠶ ᠪᠥᠭᠡᠳ ᠯᠠᠪᠳᠠᠭᠤᠨ᠂ ᠨᠢᠭᠡᠳᠦᠯᠲᠡᠶ ᠲᠥᠯᠥᠪᠯᠡᠵᠦ ᠨᠡᠶᠢᠳᠡ ᠳᠤᠨᠢ ᠬᠠᠷᠠᠭᠠᠯᠵᠠᠬᠤ᠂ ᠭᠤᠣᠯᠳᠠᠯᠭ᠎ᠠ ᠶᠢ ᠲᠤᠪᠤᠶᠢᠯᠭᠠᠬᠤ᠂ ᠨᠣᠷᠮᠠᠲᠤ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ᠂ ︽ᠪᠦᠬᠦ ᠰᠢᠰᠲ᠋ᠧᠮ ᠤᠨ ᠪᠠ ᠨᠢᠭᠡ ᠴᠤᠭᠴᠠᠵᠢᠭᠤᠯᠬᠤ︾ ᠲᠥᠰᠦᠪ ᠢ ᠨᠠᠶᠢᠷᠠᠭᠤᠯᠤᠨ ᠵᠣᠬᠢᠶᠠᠬᠤ ᠶᠢ ᠪᠡᠶᠡᠯᠡᠭᠦᠯᠵᠦ᠂ ᠰᠠᠯᠠᠭ᠎ᠠ ᠮᠥᠴᠢᠷ ᠤᠨ ᠪᠤᠢ ᠪᠦᠬᠦᠢ ᠣᠷᠣᠯᠭ᠎ᠠ ᠵᠠᠷᠤᠯᠭ᠎ᠠ ᠶᠢ ᠴᠥᠮ ᠲᠥᠰᠦᠪ ᠤᠨ ᠬᠠᠮᠢᠶᠠᠷᠤᠯᠲᠠ ᠳᠤ ᠣᠷᠣᠭᠤᠯᠵᠤ᠂ ᠲᠥᠰᠦᠪ ᠢ ᠭᠦᠢᠴᠡᠳᠬᠡᠬᠦ ᠶᠠᠪᠤᠴᠠ ᠳᠠᠬᠢ ᠨᠡᠮᠡᠭᠳᠡᠯ ᠪᠤᠶᠤ ᠲᠤᠬᠢᠷᠠᠭᠤᠯᠤᠯᠳᠡ ᠶᠢ ᠪᠠᠭᠠᠰᠬᠠᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠲᠥᠰᠦᠪ ᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠶ ᠪᠠᠷ ᠨᠠᠶᠢᠷᠠᠭᠤᠯᠤᠨ ᠵᠣᠬᠢᠶᠠᠵᠤ᠂ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠵᠠᠷᠤᠯᠭ᠎ᠠ ᠶᠢᠨ ᠲᠡᠩᠴᠡᠭᠦᠷᠢ ᠶᠢ ᠪᠡᠶᠡᠯᠡᠭᠦᠯᠦᠨ᠎ᠡ᠃    ᠭᠤᠷᠪᠠ ᠳᠤ  ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠭᠤᠣᠯᠳᠠᠯᠭ᠎ᠠ ᠲᠠᠢ ᠪᠠᠲᠤᠯᠠᠭ᠎ᠠ ᠶᠢ ᠳᠣᠪᠤᠶᠢᠯᠭᠠᠨ᠎ᠠ  ᠃  ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠵᠤ᠂ ᠴᠢᠬᠤᠯᠠ ᠪᠤᠰᠤ ᠵᠠᠷᠤᠯᠭ᠎ᠠ ᠶᠢ ᠪᠠᠭᠠᠰᠬᠠᠨ᠂ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠵᠤ᠂ ᠦᠯᠡᠳᠡᠭᠡᠯ ᠪᠡᠯᠡ ᠮᠥᠩᠭᠦ ᠶᠢ ᠠᠮᠢᠳᠤᠯᠢᠭ ᠪᠣᠯᠭᠠᠵᠤ᠂ ᠦᠷ᠎ᠡ ᠠᠰᠢᠭ ᠢᠶᠠᠷ ᠳᠣᠣᠷ᠎ᠠ ᠦᠷ᠎ᠡ ᠠᠰᠢᠭ ᠦᠭᠡᠢ ᠵᠠᠷᠤᠯᠭ᠎ᠠ ᠶᠢ ᠪᠠᠭᠠᠰᠬᠠᠵᠤ᠂ ᠬᠠᠲᠠᠭᠤ ᠪᠤᠰᠤ ᠴᠢᠨᠠᠷᠲᠠᠶ ᠦᠨᠳᠦᠰᠦᠨ ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠨ᠎ᠠ᠃    ᠲᠦᠷᠪᠡ ᠳᠤ  ᠂ ᠲᠥᠰᠦᠪ  ᠤᠨ ᠭᠦᠢᠴᠡᠳᠬᠡᠯ ᠢ  ᠬᠤᠯᠪᠤᠭᠳᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠲᠥᠰᠦᠪ ᠢ ᠨᠠᠶᠢᠷᠠᠭᠤᠯᠤᠨ ᠵᠣᠬᠢᠶᠠᠬᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ︽ᠬᠡᠨ ᠪᠡᠯᠡ ᠮᠥᠩᠭᠦ ᠭᠤᠶᠤᠴᠢᠯᠠᠪᠠᠯ᠂ ᠲᠡᠷᠡ ᠬᠠᠷᠠᠯᠲᠠ ᠪᠠᠨ ᠲᠣᠭᠲᠠᠭᠠᠬᠤ︾ ᠵᠠᠷᠴᠢᠮ  ᠤᠨ ᠶᠣᠰᠣᠭᠠᠷ᠂ ᠡᠯ᠎ᠡ ᠰᠠᠯᠠᠭ᠎ᠠ ᠮᠥᠴᠢᠷ ᠬᠢᠭᠡᠳ ᠬᠠᠷᠢᠶ᠎ᠠ ᠨᠢᠭᠡᠴᠢ ᠨᠦᠭᠦᠳ ᠲᠥᠰᠦᠪ ᠢᠶᠠᠨ ᠮᠡᠳᠡᠭᠦᠯᠬᠦ ᠠᠴᠠ ᠡᠮᠦᠨ᠎ᠡ ᠠᠮᠵᠢᠯᠲᠠ ᠪᠦᠲᠦᠮᠵᠢ ᠶᠢᠨ ᠬᠠᠷᠠᠯᠲᠠ ᠪᠠᠨ ᠨᠠᠶᠢᠷᠠᠭᠤᠯᠤᠨ ᠵᠣᠬᠢᠶᠠᠵᠤ᠂ ᠱᠠᠭᠠᠷᠳᠠᠯᠭ᠎ᠠ ᠶᠣᠰᠣᠭᠠᠷ ᠠᠮᠵᠢᠯᠲᠠ ᠪᠦᠲᠦᠮᠵᠢ ᠶᠢᠨ ᠬᠠᠷᠠᠯᠲᠠ ᠪᠠᠨ ᠲᠣᠭᠲᠠᠭᠠᠭᠰᠠᠨ ᠥᠭᠡᠢ ᠪᠤᠶᠤ ᠠᠮᠵᠢᠯᠲᠠ ᠪᠦᠲᠦᠮᠵᠢ ᠶᠢᠨ ᠬᠠᠷᠠᠯᠲᠠ ᠪᠠᠨ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ ᠥᠭᠡᠢ ᠲᠥᠷᠥᠯ ᠵᠦᠢᠯ  ᠳᠤ ᠲᠥᠰᠦᠪ ᠲᠣᠬᠢᠷᠠᠭᠤᠯᠵᠤ ᠥᠭᠬᠦ ᠥᠭᠡᠢ᠃ ᠲᠥᠰᠦᠪ ᠤᠨ ᠬᠠᠷᠠᠯᠲᠠ ᠶᠢᠨ ᠬᠢᠵᠠᠭᠠᠷᠯᠠᠯ ᠢ ᠴᠢᠩᠭᠠᠳᠬᠠᠵᠤ᠂ ᠬᠢᠨᠠᠨ ᠬᠠᠷᠭᠤᠭᠤᠯᠵᠤ ᠲᠣᠭᠲᠠᠭᠠᠭᠰᠠᠨ ᠠᠮᠵᠢᠯᠲᠠ ᠪᠦᠲᠦᠮᠵᠢ ᠶᠢᠨ ᠬᠠᠷᠠᠯᠲᠠ  ᠶᠢᠨ ᠵᠠᠯᠭᠠᠮᠵᠢ ᠠᠮᠵᠢᠯᠲᠠ ᠪᠦᠲᠦᠮᠵᠢ ᠶᠢ ᠬᠢᠨᠠᠨ ᠡᠵᠡᠮᠳᠡᠬᠦ ᠪᠠ ᠠᠮᠵᠢᠯᠲᠠ ᠪᠦᠲᠦᠮᠵᠢ ᠶᠢ ᠦᠨᠡᠯᠡᠬᠦ ᠦᠨᠳᠦᠰᠦᠯᠡᠯ ᠪᠣᠯᠭᠠᠨ᠎ᠠ᠃ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠦᠷ᠎ᠡ ᠠᠰᠢᠭ ᠢᠶᠠᠷ ᠳᠣᠣᠷ᠎ᠠ ᠪᠡᠯᠡ ᠮᠥᠩᠭᠦ ᠶᠢ ᠪᠠᠭᠠᠰᠬᠠᠵᠤ᠂ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠲᠥᠰᠦᠪ ᠤᠨ ᠳᠤᠬᠢᠷᠠᠭᠤᠯᠤᠯᠳᠠ ᠪᠠ ᠲᠦᠷᠦ ᠶᠢᠨ ᠪᠤᠳᠤᠯᠭ᠎ᠠ ᠶᠢᠨ ᠳᠤᠬᠢᠷᠠᠭᠤᠯᠤᠯᠳᠠ ᠲᠠᠢ ᠬᠤᠯᠪᠣᠭᠳᠠᠭᠤᠯᠬᠤ ᠲᠣᠭᠲᠠᠴᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠲᠣᠬᠢᠷᠠᠭᠤᠯᠤᠨ ᠬᠡᠷᠡᠭᠯᠡᠬᠦ ᠦᠷ᠎ᠡ ᠠᠰᠢᠭ ᠢ ᠦᠨᠡᠨ ᠬᠦ ᠳᠡᠭᠡᠭᠰᠢᠯᠡᠭᠦᠯᠦᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号