ᠠᠤᠬᠠᠨ ᠬᠤᠰᠢᠭᠤᠨ ᠤ ᠡᠮᠨᠡᠯᠭᠡ ᠶᠢᠨ ᠬᠤᠷᠢᠶ᠎ᠠ ᠶᠢᠨ ᠰᠢᠨ᠎ᠡ ᠰᠠᠭᠤᠷᠢᠨ ᠵᠢᠩᠬᠢᠨᠢ ᠪᠠᠷ ᠠᠵᠢᠯᠯᠠᠨ ᠡᠵᠡᠩᠨᠡᠯᠲᠡ ᠳᠤ ᠣᠷᠤᠪᠠ
ᠨᠡᠶᠢᠲᠡᠯᠡᠭᠰᠡᠨ ᠴᠠᠭ᠄
2023/9/26
 
   9 ᠰᠠᠷ᠎ᠠ ᠶᠢᠨ 22 ᠤᠨ ᠡᠳᠦᠷ᠂ ᠠᠤᠬᠠᠨ ᠬᠤᠰᠢᠭᠤᠨ ᠤ ᠡᠮᠨᠡᠯᠭᠡ ᠶᠢᠨ ᠬᠤᠷᠢᠶ᠎ᠠ ᠶᠢᠨ ᠰᠢᠨ᠎ᠡ  ᠰᠭᠤᠷᠢᠨ ᠠᠵᠢᠯᠯᠠᠨ ᠡᠵᠡᠩᠨᠡᠯᠲᠡ ᠶᠢᠨ ᠫᠠᠶᠢᠰᠠ ᠰᠡᠬᠦᠬᠦ ᠶᠣᠰᠣᠯᠠᠯ ᠶᠠᠪᠤᠭᠳᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠭᠦᠸᠧ ᠬᠤᠸᠠ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠴᠢ ᠬᠠᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠵᠣᠣ ᠴᠠᠩ ᠱᠠᠨ ᠶᠣᠰᠣᠯᠠᠯ ᠳᠤ ᠣᠷᠣᠯᠴᠠᠵᠤ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠪᠦᠦ ᠯᠢᠨ ᠵᠢᠶᠠ ᠫᠠᠶᠢᠰᠠ ᠰᠡᠬᠦᠬᠦ ᠶᠣᠰᠣᠯᠠᠯ ᠢ ᠡᠷᠭᠢᠯᠡᠪᠡ᠃
   ᠵᠠᠩ ᠴᠢ ᠬᠠᠩ ᠪᠠᠶᠠᠷ ᠤᠨ ᠦᠭᠡ ᠳᠡᠭᠡᠨ ᠠᠤᠬᠠᠨ ᠬᠤᠰᠢᠭᠤᠨ ᠤ ᠡᠮᠨᠡᠯᠭᠡ ᠶᠢᠨ ᠬᠤᠷᠢᠶᠠᠨ ᠤ ᠰᠢᠨ᠎ᠡ ᠰᠠᠭᠤᠷᠢᠰᠢᠯ ᠢ ᠤᠷᠤᠭᠰᠢᠲᠠᠢ ᠪᠠᠷ ᠠᠰᠢᠭᠯᠠᠯᠲᠠ ᠳᠤ ᠣᠷᠣᠭᠤᠯᠤᠭᠰᠠᠨ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ᠂ ᠰᠢᠨ᠎ᠡ ᠰᠠᠭᠤᠷᠢᠰᠢᠯ ᠤᠨ ᠪᠦᠳᠦᠭᠡᠨ ᠪᠠᠶᠢᠭᠤᠯᠤᠯᠲᠠ ᠳᠤ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠭᠰᠠᠨ ᠥᠷᠭᠡᠨ ᠤᠯᠠᠨ ᠢᠨᠵᠧᠨᠧᠷᠢᠩ ᠤᠨ ᠪᠦᠳᠦᠭᠡᠨ ᠪᠠᠶᠢᠭᠤᠯᠤᠭᠴᠢᠳ᠂ ᠡᠮᠨᠡᠯᠭᠡ ᠶᠢᠨ ᠠᠵᠢᠯᠲᠠᠳ ᠪᠣᠯᠤᠨ ᠨᠡᠶᠢᠭᠡᠮ ᠤᠨ  ᠡᠯ᠎ᠡ ᠡᠲᠡᠭᠡᠳ ᠤᠨ ᠬᠢᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠬᠤ ᠪᠠᠨ ᠢᠯᠡᠳᠬᠡᠪᠡ᠃ ᠲᠡᠷᠡ ᠴᠢᠬᠤᠯᠠᠴᠢᠯᠠᠭᠰᠠᠨ ᠨᠢ᠂ ᠣᠷᠳᠣ ᠬᠤᠭᠤᠴᠠᠭᠠᠨ ᠤ ᠲᠤᠷᠰᠢ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠡᠮ ᠡᠮᠨᠡᠯᠭᠡ ᠡᠷᠡᠭᠦᠯ ᠬᠠᠮᠠᠭᠠᠯᠠᠯ ᠤᠨ  ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠮ ᠡᠮᠨᠡᠯᠭᠡ ᠶᠢᠨ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠡᠮᠨᠡᠯᠭᠡ ᠶᠢᠨ ᠬᠤᠷᠢᠶᠠᠨ ᠤ ᠭᠤᠤᠯᠳᠠᠯᠭ᠎ᠠ ᠲᠠᠢ  ᠲᠤᠰᠬᠠᠢ  ᠡᠮᠨᠡᠯᠭᠡ ᠶᠢᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠤᠨ᠎ᠠ︔  ᠡᠮ ᠡᠮᠨᠡᠯᠭᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠳᠣᠪᠤᠶᠢᠯᠭᠠᠵᠤ᠂ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠦᠨ᠎ᠡ︔ ᠡᠮ ᠡᠮᠨᠡᠯᠭᠡ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠪᠣᠳᠣᠯᠬᠢᠯᠠᠨ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢ  ᠥᠷᠭᠦᠯᠵᠢᠯᠡᠨ ᠳᠡᠭᠡᠭᠰᠢᠯᠡᠭᠦᠯᠦᠨ᠎ᠡ  ᠃ ᠰᠢᠨ᠎ᠡ ᠡᠮᠨᠡᠯᠭᠡ ᠶᠢᠨ ᠬᠤᠷᠢᠶ᠎ᠠ ᠵᠢᠩᠬᠢᠨᠢ ᠪᠠᠷ ᠠᠰᠢᠭᠯᠠᠯᠲᠠ ᠳᠤ ᠤᠷᠤᠭᠰᠠᠨ ᠨᠢ ᠠᠤᠬᠠᠨ ᠬᠤᠰᠢᠭᠤᠨ ᠤ ᠡᠮᠨᠡᠯᠭᠡ ᠶᠢᠨ ᠬᠤᠷᠢᠶᠠᠨ ᠤ ᠪᠠᠶᠢᠭᠤᠯᠤᠯᠲᠠ ᠬᠥᠭᠵᠢᠯᠲᠡ ᠶᠢᠨ ᠰᠢᠨ᠎ᠡ ᠬᠠᠭᠤᠳᠠᠰᠤ ᠶᠢ ᠰᠡᠬᠦᠭᠰᠡᠨ ᠢ ᠬᠠᠷᠠᠭᠤᠯᠵᠤ ᠪᠠᠶᠢᠬᠤ ᠪᠥᠭᠡᠳ ᠪᠦᠭᠦ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠰᠢᠨ᠎ᠡ ᠳᠡᠭᠲᠡᠷ ᠲᠤ ᠭᠠᠷᠤᠭᠰᠠᠨ ᠢ ᠬᠠᠷᠠᠭᠤᠯᠵᠤ ᠪᠠᠶᠢᠨ᠎ᠠ
   ᠬᠠᠯᠠᠭᠤᠨ  ᠠᠯᠠᠭᠠᠨ ᠲᠠᠰᠢᠯᠳᠠ ᠶᠢᠨ ᠳᠤᠮᠳᠠ᠂ ᠮᠠ ᠯᠢ ᠬᠤᠸᠠ᠂ ᠭᠦᠸᠧ ᠬᠤᠸᠠ ᠠᠤᠬᠠᠨ ᠬᠤᠰᠢᠭᠤᠨ ᠤ ᠡᠮᠨᠡᠯᠭᠡ ᠶᠢᠨ ᠬᠤᠷᠢᠶᠠᠨ ᠤ ᠰᠢᠨ᠎ᠡ  ᠰᠠᠭᠤᠷᠢᠨ ᠤ ᠫᠠᠶᠢᠰᠠ ᠶᠢ ᠰᠡᠬᠦᠪᠡ᠃    ᠶᠣᠰᠣᠯᠠᠯ ᠲᠡᠭᠦᠰᠦᠭᠰᠡᠨ ᠤ ᠲᠠᠷᠠᠭ᠎ᠠ᠂ ᠬᠤᠷᠠᠯ ᠳᠤ ᠣᠷᠣᠯᠴᠠᠭᠰᠠᠳ ᠲᠤᠬᠠᠢ ᠶᠢᠨ ᠭᠠᠵᠠᠷ ᠲᠤᠨᠢ ᠡᠮᠨᠡᠯᠭᠡ ᠶᠢᠨ ᠬᠤᠷᠢᠶᠠᠨ ᠤ ᠡᠯ᠎ᠡ ᠴᠢᠳᠠᠮᠵᠢᠳᠤ ᠣᠷᠣᠨ ᠢᠶᠠᠷ ᠲᠣᠭᠤᠷᠢᠨ ᠦᠵᠡᠪᠡ᠃    ᠣᠶᠢᠯᠠᠭᠠᠭᠰᠠᠨ ᠢᠶᠠᠷ᠂ ᠠᠤᠬᠠᠨ ᠬᠤᠰᠢᠭᠤᠨ ᠤ ᠡᠮᠨᠡᠯᠭᠡ ᠶᠢᠨ ᠬᠤᠷᠢᠶ᠎ᠠ 1950 ᠣᠨ ᠳᠤ  ᠪᠠᠶᠢᠭᠤᠯᠤᠭᠳᠠᠵᠤ᠂ ᠲᠣᠰ ᠡᠮᠨᠡᠯᠭᠡ ᠶᠢᠨ ᠬᠤᠷᠢᠶ᠎ᠠ ᠪᠣᠯ ᠡᠮᠴᠢᠯᠡᠭᠡ᠂ ᠰᠤᠪᠢᠯᠠᠯᠲᠠ᠂ ᠲᠦᠷᠭᠡᠨ ᠡᠮᠴᠢᠯᠡᠭᠡ ᠲᠦᠷᠭᠡᠨ ᠠᠪᠤᠷᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠵᠢᠭᠠᠨ ᠰᠤᠷᠭᠠᠯᠲᠠ᠂ ᠤᠷᠢᠳᠴᠢᠯᠠᠨ ᠰᠡᠷᠭᠡᠶᠢᠯᠡᠬᠦ ᠡᠷᠡᠭᠦᠯᠵᠢᠯ᠂ ᠡᠷᠡᠭᠦᠯᠵᠢᠯ ᠤᠨ ᠹᠢᠽᠢᠺ ᠵᠠᠰᠠᠯ᠂ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢ ᠨᠢᠭᠡ ᠴᠤᠭᠴᠠᠵᠢᠭᠤᠯᠤᠭᠰᠠᠨ ᠠᠰᠢᠭ ᠬᠤᠨᠵᠢᠪᠣᠷᠢ ᠶᠢᠨ ᠪᠤᠰᠤ ᠴᠢᠨᠠᠷᠲᠠᠶ ᠬᠤᠶᠠᠳᠤᠭᠠᠷ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠠᠶᠢᠵᠤ᠂ ᠠᠤᠬᠠᠨ ᠬᠤᠰᠢᠭᠤ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ 100 ᠲᠦᠮᠡᠨ ᠬᠥᠮᠦᠨ ᠠᠮᠠ ᠶᠢᠨ ᠡᠮᠴᠢᠯᠡᠭᠡᠨ ᠤ ᠠᠪᠤᠷᠠᠯᠳᠠ ᠶᠢᠨ ᠡᠭᠦᠷᠭᠡ ᠶᠢ ᠡᠭᠦᠷᠭᠡᠯᠡᠵᠦ ᠪᠣᠶ᠃ ᠡᠮᠨᠡᠯᠭᠡ ᠶᠢᠨ ᠬᠤᠷᠢᠶᠠᠨ ᠤ ᠰᠢᠨ᠎ᠡ ᠭᠠᠵᠠᠷ ᠤᠨ ᠶᠡᠷᠦᠩᠬᠡᠶ ᠲᠠᠯᠠᠪᠠᠶ ᠨᠢ 67333 ᠲᠡᠭᠰᠢ ᠳᠥᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠶ ᠨᠢ 87569 ᠲᠡᠭᠰᠢ ᠳᠥᠷᠪᠡᠯᠵᠢᠨ ᠮᠧᠲᠷ ᠪᠠᠶᠢᠨ᠎ᠠ᠃ ᠰᠢᠨ᠎ᠡ ᠰᠠᠭᠤᠷᠢ ᠨᠢ   ᠠᠵᠢᠯᠯᠠᠨ ᠡᠵᠡᠩᠨᠡᠭᠰᠡᠨ ᠤ ᠳᠠᠷᠠᠭ᠎ᠠ᠂ ᠡᠮᠨᠡᠯᠭᠡ ᠶᠢᠨ ᠬᠤᠷᠢᠶ᠎ᠠ ᠶᠢᠨ ᠨᠠᠶᠢᠷᠠᠭᠤᠯᠤᠨ ᠵᠣᠬᠢᠶᠠᠭᠰᠠᠨ ᠣᠷᠣ 800 ᠬᠦᠷᠴᠦ᠂ ᠨᠡᠭᠡᠭᠡᠵᠦ ᠪᠣᠯᠬᠤ ᠣᠷᠣ 1000  ᠬᠦᠷᠬᠦ ᠪᠣᠯᠤᠨ᠎ᠠ᠃     ᠬᠤᠰᠢᠭᠤᠨ ᠤ ᠬᠠᠷᠢᠶ᠎ᠠ ᠡᠯ᠎ᠡ  ᠨᠢᠭᠡᠴᠢ ᠵᠢᠴᠢ ᠡᠯ᠎ᠡ ᠡᠮ ᠡᠮᠨᠡᠯᠭᠡ ᠡᠷᠡᠭᠦᠯ ᠬᠠᠮᠠᠭᠠᠯᠠᠯ ᠤᠨ  ᠨᠢᠭᠡᠴᠢ ᠶᠢᠨ ᠭᠤᠤᠯ ᠬᠠᠷᠢᠭᠤᠴᠠᠯᠭᠠᠲᠠᠳ ᠫᠠᠶᠢᠰᠠ ᠰᠡᠬᠦᠬᠦ ᠶᠣᠰᠣᠯᠠᠯ ᠳᠤ  ᠣᠷᠤᠯᠴᠠᠪᠠ  ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号