ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ  ᠬᠢᠪᠡ
ᠨᠡᠶᠢᠲᠡᠯᠡᠭᠰᠡᠨ ᠴᠠᠭ᠄
2023/9/26
   9 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠡᠳ᠋ ᠳᠠᠷᠤᠭ᠎ᠠ ᠭᠧ ᠵᠢᠶᠦ᠋ᠨ ᠺᠠᠶ ᠨᠠᠷ ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠠ᠃ ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ᠤ  ᠨᠠᠷᠢᠨ ᠪᠢᠴᠢᠭ ᠤᠨ ᠳᠡᠳ᠋ ᠳᠠᠷᠤᠭ᠎ᠠ ᠭᠤᠤ ᠵᠢᠶᠠᠨ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠭᠦᠸᠧ ᠰᠢᠶᠤᠤ ᠴᠢᠶᠣᠤ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
   ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠠᠤᠬᠠᠨ ᠤ ᠨᠠᠷᠢᠮᠤ ᠶᠢᠨ ᠮᠦᠽᠧᠶ᠂ ᠠᠤᠬᠠᠨ ᠬᠤᠰᠢᠭᠤᠨ ᠤ ᠲᠠᠷᠢᠶᠠᠯᠠᠩ ᠠᠷᠠᠯᠵᠢᠶ᠎ᠠ ᠬᠤᠳᠠᠯᠳᠤᠭᠠᠨ ᠤ ᠲᠤᠭ᠎ᠠ ᠪᠠᠷᠢᠮᠲᠠ ᠶᠢᠨ ᠲᠥᠪ᠂ ᠬᠤᠸᠠᠩ ᠶᠠᠩ ᠸᠠ ᠪᠠᠯᠭᠠᠰᠤᠨ ᠤ  ᠢᠳᠡᠰᠢᠨ ᠬᠤᠨᠢ ᠲᠡᠵᠢᠭᠡᠨ ᠦᠷᠡᠵᠢᠭᠦᠯᠬᠦ ᠲᠣᠭᠤᠷᠢᠭ᠂ ᠰᠧ ᠳ᠋ᠤᠤ ᠸᠠᠨ ᠽᠢ ᠪᠠᠯᠭᠠᠰᠤᠨ ᠤ ᠯᠢᠦ ᠳ᠋ᠤᠤ ᠸᠠᠨ ᠽᠢ ᠲᠣᠰᠬᠤᠨ ᠪᠣᠯᠤᠨ ᠰᠠᠨ ᠱᠢ ᠡᠯ ᠯᠢᠶᠠᠨ ᠱᠠᠨ ᠠᠭᠤᠯᠠᠨ ᠤ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠳᠤ ᠬᠦᠷᠴᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠠᠨᠢᠯᠴᠠᠭᠤᠯᠭ᠎ᠠ ᠶᠢ ᠰᠣᠨᠣᠰᠬᠤ ᠪᠠᠷ ᠳᠡᠮᠵᠢᠨ᠂ ᠮᠠᠨ ᠤ ᠬᠤᠰᠢᠭᠤᠨ ᠤ ᠬᠡᠷᠡᠭᠯᠡᠭᠡ ᠪᠠᠷ ᠬᠠᠪᠰᠤᠷᠤᠨ ᠲᠡᠳᠬᠦᠬᠦ  ᠦᠢᠯᠡᠳᠬᠦᠨ ᠤ ᠬᠥᠭᠵᠢᠯᠲᠡ ᠪᠠ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃
   ᠠᠤᠬᠠᠨ ᠤ ᠨᠠᠷᠢᠮᠤ ᠶᠢᠨ ᠮᠦᠽᠧᠶ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠠᠤᠬᠠᠨ ᠤ ᠨᠠᠷᠢᠮᠤ᠂ ᠨᠠᠷᠢᠮᠤ ᠶᠢᠨ ᠲᠣᠰᠣ ᠪᠣᠯᠤᠨ ᠱᠠ ᠮᠥᠸᠧ ᡁᠢ ᠬᠤᠸᠠ ᠵᠡᠷᠭᠡ  ᠦᠢᠯᠡᠳᠬᠦᠨ ᠢ ᠪᠠᠶᠢᠴᠠᠭᠠᠨ ᠦᠵᠡᠵᠦ᠂ ᠦᠢᠯᠡᠳᠬᠦᠨ ᠤ ᠪᠣᠭᠤᠳᠠᠯ ᠪᠠᠭᠯᠠᠭ᠎ᠠ᠂ ᠪᠠᠷᠠᠭᠠᠨ ᠤ ᠭᠦᠢᠯᠭᠡᠭᠡ᠂ ᠵᠠᠬ᠎ᠠ ᠳᠡᠯᠭᠡᠭᠦᠷ ᠤᠨ ᠲᠥᠯᠥᠪᠵᠢᠭᠦᠯᠭᠡ ᠪᠣᠯᠤᠨ ᠬᠥᠭᠵᠢᠯᠲᠡ ᠶᠢᠨ ᠢᠷᠡᠭᠡᠳᠦᠢ ᠶᠢᠨ ᠲᠥᠯᠥᠪ ᠤᠨ ᠲᠤᠬᠠᠶ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃    ᠬᠤᠸᠠᠩ ᠶᠠᠩ ᠸᠠ ᠪᠠᠯᠭᠠᠰᠤᠨ ᠤ  ᠢᠳᠡᠰᠢᠨ ᠬᠤᠨᠢ ᠲᠡᠵᠢᠭᠡᠨ ᠦᠷᠡᠵᠢᠭᠦᠯᠬᠦ ᠪᠠᠭ᠎ᠠ ᠲᠣᠭᠤᠷᠢᠭ ᠲᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠭᠰᠡᠨ ᠪᠥᠭᠡᠳ ᠢᠳᠡᠰᠢᠨ ᠬᠤᠨᠢ ᠲᠡᠵᠢᠭᠡᠨ ᠦᠷᠡᠵᠢᠭᠦᠯᠬᠦ ᠪᠠᠭ᠎ᠠ ᠲᠣᠭᠤᠷᠢᠭ ᠤᠨ ᠢᠷᠡᠭᠡᠳᠦᠢ ᠶᠢᠨ ᠬᠥᠭᠵᠢᠯᠲᠡ ᠳᠤ ᠵᠢᠯᠤᠭᠤᠳᠤᠯᠭ᠎ᠠ ᠶᠢᠨ ᠴᠢᠨᠠᠷᠲᠠᠢ ᠰᠠᠨᠠᠯ ᠳᠤᠷᠠᠳᠴᠠᠢ᠃
   ᠰᠧ ᠳ᠋ᠤᠤ ᠸᠠᠨ ᠽᠢ ᠪᠠᠯᠭᠠᠰᠤᠨ ᠤ ᠯᠢᠦ ᠳ᠋ᠤᠤ ᠸᠠᠨ ᠽᠢ ᠲᠣᠰᠬᠤᠨ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠯᠢᠦ ᠳ᠋ᠤᠤ ᠸᠠᠨ ᠽᠢ ᠲᠣᠰᠬᠤᠨ ᠤ ᠬᠥᠭᠵᠢᠯᠲᠡ ᠶᠢᠨ ᠲᠡᠦᠬᠡ ᠶᠢ ᠨᠠᠷᠢᠨ ᠬᠢᠨᠠᠮᠠᠭᠠᠢ ᠰᠣᠨᠣᠰᠴᠤ᠂ ᠲᠣᠰᠬᠤᠨ ᠤ ᠬᠠᠮᠲᠤ ᠶᠢᠨ ᠠᠵᠤ ᠠᠬᠤᠢ ᠪᠣᠯᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠠᠷᠢᠶᠠᠴᠢᠨ ᠡᠷᠦᠬᠡ ᠶᠢᠨ ᠵᠣᠷᠯᠣᠩ ᠢ ᠥᠭᠡᠷᠡᠴᠢᠯᠡᠭᠰᠡᠨ ᠦᠷ᠎ᠡ ᠪᠦᠲᠦᠭᠡᠯ ᠢ ᠪᠠᠶᠢᠴᠠᠭᠠᠨ ᠦᠵᠡᠵᠦ᠂ ᠲᠠᠷᠢᠶᠠᠴᠢᠨ ᠡᠷᠦᠬᠡ ᠠᠴᠠ ᠨᠠᠰᠤᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠭᠰᠠᠨ ᠵᠡᠷᠭᠡ ᠪᠠᠶᠢᠳᠠᠯ ᠢ ᠯᠠᠪᠯᠠᠨ ᠠᠰᠠᠭᠤᠪᠠ᠃
   ᠪᠠᠶᠢᠴᠠᠭᠠᠨ ᠰᠤᠳᠤᠯᠬᠤ ᠶᠠᠪᠤᠴᠠ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠬᠡᠷᠡᠭᠯᠡᠭᠡ ᠪᠠᠷ ᠬᠠᠪᠰᠤᠷᠤᠨ ᠲᠡᠳᠬᠦᠬᠦ ᠦᠢᠯᠡᠳᠬᠦᠨ ᠪᠠ ᠬᠠᠮᠢᠶ᠎ᠠ ᠪᠥᠬᠦᠶ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢ ᠨᠤᠲᠠᠯᠠᠵᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠡᠷᠡᠭᠯᠡᠭᠡ ᠪᠠᠷ ᠬᠠᠪᠰᠤᠷᠤᠨ ᠲᠡᠳᠬᠦᠬᠦ ᠬᠠᠮᠢᠶ᠎ᠠ ᠪᠥᠬᠦᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ  ᠳᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠡᠭ ᠲᠣᠭᠲᠠᠭᠠᠨ ᠬᠠᠪᠰᠤᠷᠤᠨ ᠲᠡᠳᠬᠦᠬᠦ ᠬᠠᠷᠢᠭᠤᠴᠠᠯᠭ᠎ᠠ ᠶᠢ ᠨᠠᠷᠢᠨ ᠨᠢᠮᠪᠠᠶ ᠨᠠᠶᠢᠳᠠᠪᠤᠷᠢᠵᠢᠭᠤᠯᠤᠨ᠂ ᠬᠠᠪᠰᠤᠷᠤᠨ ᠲᠡᠳᠬᠦᠬᠦ ᠪᠣᠳᠠᠲᠤ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠰᠠᠨᠠᠭᠤᠯᠭ᠎ᠠ ᠳᠤᠷᠠᠳᠬᠤ ᠬᠡᠷᠡᠭᠲᠡᠶ ᠭᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号