| ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠤᠨ ᠬᠠᠮᠢᠶᠠᠷᠤᠯᠲᠠ ᠶᠢ ᠴᠢᠩᠭᠠᠳᠬᠠᠵᠤ᠂ ᠬᠢᠯᠢ ᠬᠢᠵᠠᠭᠠᠷ | ᠣᠷᠣᠨ ᠤ ᠡᠶ᠎ᠡ ᠵᠣᠬᠢᠴᠠᠩᠭᠤᠶ ᠲᠣᠭᠲᠠᠭᠤᠨ ᠪᠠᠶᠢᠳᠠᠯ ᠢ ᠬᠠᠮᠠᠭᠠᠯᠠᠨ᠂ ᠠᠮᠤᠷ ᠠᠮᠤᠭᠤᠯᠠᠩ ᠬᠢᠯᠢ ᠶᠢᠨ ᠵᠠᠭᠠᠭ ᠤᠨ | ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠠᠤᠬᠠᠨ ᠬᠤᠰᠢᠭᠤᠨ ᠤ | ᠠᠷᠠᠳ ᠤᠨ ᠶᠠᠪᠤᠳᠠᠯ ᠤᠨ ᠲᠣᠪᠴᠢᠶ᠎ᠠ ᠣᠩᠨᠢᠭᠤᠳ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠲᠠᠢ | ᠬᠠᠮᠲᠤᠷᠠᠨ 8 ᠰᠠᠷ᠎ᠠ ᠶᠢᠨ 29 ᠤ ᠡᠳᠦᠷ ᠬᠤᠶᠠᠷ ᠬᠤᠰᠢᠭᠤᠨ ᠤ ᠠᠭᠤᠯᠵᠠᠷ ᠤᠨ ᠴᠡᠭ ᠲᠤ ᠵᠠᠰᠠᠭ ᠵᠠᠬᠢᠷᠭᠠᠨ ᠤ | ᠣᠷᠣᠨ ᠤ ᠵᠠᠭᠠᠭ ᠱᠤᠭᠤᠮ ᠤᠨ ᠬᠠᠮᠲᠤᠷᠠᠭᠰᠠᠨ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃ | ᠲᠣᠰ ᠤᠳᠠᠭᠠᠨ ᠤ ᠬᠠᠮᠲᠤᠷᠠᠭᠰᠠᠨ ᠪᠠᠶᠢᠴᠠᠭᠠᠯᠲᠠ ᠳᠤ ᠬᠢᠯᠢ ᠶᠢᠨ ᠵᠠᠭᠠᠭ ᠤᠨ ᠬᠠᠮᠲᠤᠷᠠᠭᠰᠠᠨ | ᠪᠠᠶᠢᠴᠠᠭᠠᠯᠲᠠ ᠶᠢᠨ ᠬᠡᠷᠡᠭᠵᠢᠭᠦᠯᠬᠦ ᠲᠥᠰᠦᠯ ᠤᠨ ᠱᠠᠭᠠᠷᠳᠠᠯᠭ᠎ᠠ ᠶᠣᠰᠣᠭᠠᠷ᠂ ᠲᠡᠤᠬᠡ ᠶᠢᠨ ᠮᠠᠲ᠋ᠧᠷᠢᠶᠠᠯ ᠢ ᠪᠠᠶᠢᠴᠠᠭᠠᠨ | ᠦᠵᠡᠬᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠡᠷᠬᠢᠨ ᠲᠣᠭᠤᠷᠢᠨ ᠤ ᠣᠯᠠᠨ ᠲᠦᠮᠡᠨ ᠢ | ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠵᠠᠭᠠᠭ ᠱᠤᠭᠤᠮ᠂ ᠬᠢᠯᠢ ᠶᠢᠨ ᠱᠣᠩ ᠤᠨ ᠬᠠᠮᠠᠭᠠᠯᠠᠯᠲᠠ | ᠬᠠᠮᠢᠶᠠᠷᠤᠯᠲᠠ ᠶᠢᠨ ᠪᠠᠶᠢᠳᠠᠯ ᠢ ᠣᠶᠢᠯᠠᠭᠠᠵᠤ᠂ ᠬᠠᠮᠲᠤᠷᠠᠭᠰᠠᠨ ᠪᠠᠶᠢᠴᠠᠭᠠᠯᠲᠠ ᠶᠢᠨ ᠪᠠᠶᠢᠳᠠᠯ ᠳᠤ ᠴᠢᠭᠯᠡᠭᠦᠯᠦᠨ | ᠲᠤᠬᠠᠶ ᠶᠢᠨ ᠲᠠᠯᠠᠪᠤᠷ ᠤᠨ ᠰᠣᠯᠢᠯᠴᠠᠭᠠᠨ ᠤ ᠶᠠᠷᠢᠯᠴᠠᠬᠤ ᠬᠤᠷᠠᠯ ᠬᠢᠵᠦ᠂ ᠰᠠᠨᠠᠯ ᠢᠶᠠᠨ ᠰᠣᠯᠢᠯᠴᠠᠨ᠂ | ᠢᠯᠡᠷᠡᠭᠦᠯᠦᠭᠰᠡᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠶᠢᠨ ᠬᠠᠮᠲᠤ ᠵᠥᠷᠢᠴᠡᠯ ᠢ ᠴᠠᠭ ᠲᠤᠬᠠᠶ ᠳᠤᠨᠢ | ᠠᠷᠢᠯᠭᠠᠵᠤ᠂ ᠲᠣᠭᠲᠠᠭᠤᠨ ᠪᠤᠰᠤ ᠬᠦᠴᠦᠨ ᠵᠦᠢᠯ ᠢ ᠠᠷᠢᠯᠭᠠᠪᠠ᠃ ᠬᠤᠶᠠᠷ ᠭᠠᠵᠠᠷ ᠤᠨ ᠠᠵᠢᠯᠲᠠᠳ ᠲᠤᠬᠠᠶ ᠶᠢᠨ | ᠭᠠᠵᠠᠷ ᠲᠤᠨᠢ ᠵᠠᠭᠠᠭ ᠱᠤᠭᠤᠮ ᠤᠨ ᠱᠣᠩ ᠤᠨ ᠭᠠᠵᠠᠷ ᠤᠨ ᠵᠢᠷᠤᠭ ᠢ ᠨᠠᠷᠢᠨ ᠨᠢᠮᠪᠠᠶ ᠬᠠᠷᠭᠤᠭᠤᠯᠵᠤ᠂ ᠵᠠᠭᠠᠭ | ᠱᠤᠭᠤᠮ ᠤᠨ ᠬᠤᠶᠠᠷ ᠲᠠᠯ᠎ᠠ ᠶᠢᠨ ᠭᠠᠵᠠᠷ ᠤᠨ ᠲᠥᠷᠬᠦ᠂ ᠭᠠᠵᠠᠷ ᠤᠨ ᠪᠣᠳᠠᠰ ᠲᠤ ᠢᠯᠡᠷᠬᠡᠶ ᠬᠤᠪᠢᠷᠠᠯᠲᠠ | ᠭᠠᠷᠤᠭᠰᠠᠨ ᠡᠰᠡᠬᠦ᠂ ᠵᠠᠭᠠᠭ ᠱᠤᠭᠤᠮ ᠤᠨ ᠲᠤᠬᠠᠶ ᠶᠢᠨ ᠭᠠᠵᠠᠷ ᠤᠨ ᠣᠷᠣᠨ ᠪᠠᠶᠢᠷᠢ ᠨᠢ ᠲᠣᠳᠣᠷᠬᠠᠶ ᠪᠠᠶᠢᠬᠤ ᠡᠰᠡᠬᠦ | ᠂ ᠵᠠᠭᠠᠭ ᠱᠤᠭᠤᠮ ᠤᠨ ᠱᠣᠩ ᠤᠨ ᠭᠡᠭᠡᠭᠳᠡᠭᠰᠡᠨ ᠡᠰᠡᠬᠦ᠂ ᠡᠪᠳᠡᠷᠡᠭᠰᠡᠨ ᠡᠰᠡᠬᠦ᠂ ᠰᠢᠯᠵᠢᠭᠰᠡᠨ ᠡᠰᠡᠬᠦ ᠪᠠ ᠵᠠᠭᠠᠭ | ᠱᠤᠭᠤᠮ ᠤᠨ ᠱᠣᠩ ᠤᠨ ᠴᠢᠭᠯᠡᠯ ᠪᠠᠶᠢᠷᠢ ᠶᠢᠨ ᠪᠣᠳᠠᠰ ᠨᠢ ᠪᠦᠷᠢᠨ ᠪᠠᠶᠢᠬᠤ ᠡᠰᠡᠬᠦ ᠵᠡᠷᠭᠡ ᠪᠣᠳᠠᠲᠠᠶ ᠪᠠᠶᠢᠳᠠᠯ ᠢ | ᠲᠤᠬᠠᠶ ᠶᠢᠨ ᠭᠠᠵᠠᠷ ᠲᠤᠨᠢ ᠪᠠᠶᠢᠴᠠᠭᠠᠨ ᠰᠢᠯᠭᠠᠵᠠᠶ᠃ ᠡᠭᠦᠨ ᠤ ᠬᠠᠮᠲᠤ ᠬᠢᠯᠢ ᠶᠢᠨ ᠪᠠᠭᠠᠨ᠎ᠠ ᠶᠢᠨ ᠡᠷᠬᠢᠨ | ᠲᠣᠭᠤᠷᠢᠨ ᠤ ᠡᠯᠳᠡᠪ ᠪᠣᠳᠠᠰ ᠵᠢᠴᠢ ᠬᠠᠯᠬᠠᠪᠴᠢ ᠪᠣᠳᠠᠰ ᠢ ᠴᠡᠪᠡᠷᠯᠡᠨ ᠠᠷᠢᠯᠭᠠᠵᠤ᠂ ᠤᠯᠠᠭᠠᠨ ᠰᠢᠷ ᠢᠶᠠᠷ ᠬᠢᠯᠢ ᠶᠢᠨ | ᠪᠠᠭᠠᠨ᠎ᠠ ᠶᠢᠨ ᠳᠡᠭᠡᠷᠡᠬᠢ ᠦᠰᠦᠭ ᠢ ᠰᠢᠨ᠎ᠡ ᠪᠠᠷ ᠵᠢᠷᠤᠭᠯᠠᠵᠠᠶ᠃ | ᠬᠠᠮᠲᠤᠷᠠᠭᠰᠠᠨ ᠪᠠᠶᠢᠴᠠᠭᠠᠯᠲᠠ ᠳᠤ ᠨᠡᠶᠢᠲᠡ 120km ᠵᠠᠭᠠᠭ ᠱᠤᠭᠤᠮ᠂ 11 ᠬᠢᠯᠢ ᠶᠢᠨ ᠱᠣᠩ ᠢ | ᠪᠠᠶᠢᠴᠠᠭᠠᠪᠠ᠃ ᠲᠣᠰ ᠤᠳᠠᠭᠠᠨ ᠤ ᠬᠠᠮᠲᠤᠷᠠᠭᠰᠠᠨ ᠪᠠᠶᠢᠴᠠᠭᠠᠯᠲᠠ ᠶᠢᠨ ᠠᠵᠢᠯ ᠢᠶᠠᠷ ᠳᠡᠮᠵᠢᠨ᠂ ᠵᠠᠰᠠᠭ ᠵᠠᠬᠢᠷᠭᠠᠨ ᠤ | ᠣᠷᠣᠨ ᠤ ᠵᠠᠭᠠᠭ ᠱᠤᠭᠤᠮ ᠤᠨ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢᠯᠠᠯᠲᠠ᠂ ᠵᠢᠷᠤᠮᠵᠢᠭᠤᠯᠤᠯᠲᠠ᠂ ᠬᠠᠤᠯᠢ | ᠳᠦᠷᠢᠮᠵᠢᠭᠦᠯᠦᠯᠲᠡ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠠᠤᠬᠠᠨ ᠬᠤᠰᠢᠭᠤ᠂ ᠣᠩᠨᠢᠭᠤᠳ | ᠬᠤᠰᠢᠭᠤ ᠬᠤᠶᠠᠷ ᠭᠠᠵᠠᠷ ᠤᠨ ᠵᠠᠭᠠᠭ ᠱᠤᠭᠤᠮ ᠤᠨ ᠭᠠᠵᠠᠷ ᠣᠷᠣᠨ ᠤ ᠣᠷᠳᠣ ᠬᠤᠭᠤᠴᠠᠭᠠᠨ ᠤ ᠲᠣᠭᠲᠠᠭᠤᠨ᠂ | ᠡᠶ᠎ᠡ ᠵᠣᠬᠢᠴᠠᠯ ᠲᠠᠢ ᠬᠥᠭᠵᠢᠯᠲᠡ ᠶᠢ ᠠᠬᠢᠭᠤᠯᠤᠨ᠂ ᠠᠣᠬᠠᠨ ᠬᠤᠰᠢᠭᠤ᠂ ᠣᠩᠨᠢᠭᠤᠳ ᠬᠤᠰᠢᠭᠤᠨ ᠤ ᠵᠠᠭᠠᠭ | ᠱᠤᠭᠤᠮ ᠤᠨ ᠬᠠᠶᠢᠨ ᠰᠢᠨᠵᠢᠯᠡᠯᠲᠡ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠬᠢᠯᠢ ᠶᠢᠨ | ᠵᠠᠭᠠᠭ ᠤᠨ ᠬᠠᠮᠢᠶᠠᠷᠤᠯᠲᠠ ᠶᠢ ᠴᠢᠩᠭᠠᠳᠬᠠᠨ᠂ ᠬᠢᠯᠢ ᠶᠢᠨ ᠵᠠᠭᠠᠭ ᠤᠨ ᠭᠠᠵᠠᠷ ᠣᠷᠣᠨ ᠤ ᠡᠶ᠎ᠡ ᠵᠣᠬᠢᠴᠠᠯ ᠲᠠᠢ | ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ | |