ᠠᠤᠬᠠᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠨᠡᠢᠮᠠᠳᠡᠬᠢ ︽ᠳᠤᠮᠳᠠᠳᠤ ᠶᠢᠨ ᠨᠢᠭᠦᠯᠡᠰᠦᠩᠭᠦᠶ ᠶᠢᠨ ᠡᠳᠦᠷ︾ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2023/9/5
   ᠡᠨᠡ ᠵᠢᠯ ᠤᠨ 9 ᠰᠠᠷ᠎ᠠ ᠶᠢᠨ 5 ᠤ ᠡᠳᠦᠷ ᠪᠣᠯ ᠮᠠᠨ ᠤ ᠤᠯᠤᠰ ᠤᠨ ᠨᠠᠢᠮᠠᠳᠠᠬᠢ ︽ᠳᠤᠮᠳᠠᠳᠤ ᠶᠢᠨ ᠨᠢᠭᠦᠯᠡᠰᠦᠩᠭᠦᠶ ᠶᠢᠨ ᠡᠳᠦᠷ︾ ᠪᠣᠯᠤᠨ᠎ᠠ᠃ ᠨᠢᠭᠦᠯᠡᠰᠦᠩᠭᠦᠶ ᠶᠢᠨ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠤᠬᠠᠭᠤᠯᠵᠤ᠂ ᠨᠢᠭᠦᠯᠡᠰᠦᠩᠭᠦᠶ ᠶᠢᠨ ᠰᠣᠶᠣᠯ ᠢ ᠪᠠᠳᠠᠷᠠᠭᠤᠯᠤᠨ᠂ ᠨᠢᠭᠦᠯᠡᠰᠦᠩᠭᠦᠶ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠨᠢᠭᠦᠯᠡᠰᠦᠩᠭᠦᠶ ᠶᠢᠨ ᠬᠠᠯᠠᠭᠤᠨ ᠰᠡᠳᠬᠢᠯᠭᠡ ᠶᠢ ᠬᠥᠭᠵᠢᠭᠡᠬᠦ ᠶᠢᠨ ᠲᠥᠯᠥᠭᠡ᠂ ᠠᠤᠬᠠᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ︽ᠨᠢᠭᠦᠯᠡᠰᠦᠩᠭᠦᠶ ᠶᠢᠨ  ᠦᠢᠯᠡᠰ ᠲᠤ ᠭᠠᠷ ᠬᠤᠯᠪᠣᠨ ᠣᠷᠣᠯᠴᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠶ᠎ᠠ︾ ᠭᠡᠬᠦ ᠭᠤᠤᠯ ᠰᠡᠳᠦᠪ ᠤᠨ ᠲᠣᠭᠤᠷᠢᠨ ᠳᠤ ᠣᠯᠠᠨ ᠬᠡᠯᠪᠡᠷᠢ ᠶᠢᠨ ︽ᠳᠤᠮᠳᠠᠳᠤ ᠶᠢᠨ ᠨᠢᠭᠦᠯᠡᠰᠦᠩᠭᠦᠶ ᠶᠢᠨ ᠡᠳᠦᠷ︾ ᠭᠡᠬᠦ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃    ᠨᠢᠭᠡ ᠳᠤ᠂ ᠨᠢᠭᠦᠯᠡᠰᠦᠩᠭᠦᠶ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠲᠥᠪᠯᠡᠷᠡᠭᠦᠯᠦᠨ  ᠦᠷᠨᠢᠭᠦᠯᠪᠡ ᠃ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠪᠥᠬᠦ ᠠᠵᠢᠯᠲᠠᠳ ᠢ ᠵᠣᠬᠢᠶᠠᠨ ᠪᠠᠶᠢᠭᠤᠯᠵᠤ ᠨᠢᠭᠦᠯᠡᠰᠦᠩᠭᠦᠶ ᠶᠢᠨ ᠦᠢᠯᠡᠰ ᠤᠨ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠶ ᠶᠢᠨ ᠦᠢᠯᠡᠰ ᠤᠨ ᠲᠤᠬᠠᠶ ᠨᠠᠮ ᠤᠨ ᠬᠤᠷᠢᠳᠤᠭᠠᠷ ᠶᠡᠭᠡ ᠬᠤᠷᠠᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠤᠷᠤᠯᠴᠠᠭᠤᠯᠤᠭᠰᠠᠨ ᠪᠥᠭᠡᠳ ᠬᠤᠷᠠᠯ ᠳᠤ ᠣᠷᠣᠯᠴᠠᠭᠰᠠᠳ ᠲᠤ 2023 ᠣᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠢᠭᠦᠯᠡᠰᠦᠩᠭᠦᠶ ᠶᠢᠨ ᠠᠵᠢᠯ ᠤᠨ ᠪᠠᠶᠢᠳᠠᠯ ᠢ ᠮᠡᠳᠡᠭᠳᠡᠵᠦ᠂ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠶᠠᠷ ᠲᠤ᠂ ︽ᠨᠢᠭᠦᠯᠡᠰᠦᠩᠭᠦᠶ ᠶᠢᠨ ᠦᠢᠯᠡᠰ ᠲᠤ ᠭᠠᠷ ᠬᠤᠯᠪᠣᠨ ᠣᠷᠣᠯᠴᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠶ᠎ᠠ︾ ᠭᠡᠬᠦ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠦᠷᠨᠢᠭᠦᠯᠪᠡ᠃ 8 ᠰᠠᠷ᠎ᠠ ᠶᠢᠨ 31 ᠤ ᠦᠳᠡ ᠶᠢᠨ ᠡᠮᠦᠨ᠎ᠡ ᠠᠤᠬᠠᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠵᠣᠬᠢᠶᠠᠨ ᠪᠠᠶᠢᠭᠤᠯᠤᠯᠲᠠ ᠶᠢᠨ ᠠᠵᠢᠯᠲᠠᠨ ᠪᠠ ᠰᠠᠶᠢᠨ ᠳᠤᠷ᠎ᠠ ᠶᠢᠨ ᠠᠵᠢᠯᠯᠠᠭᠴᠢᠳ ᠠᠤᠬᠠᠨ ᠬᠤᠰᠢᠭᠤᠨ ᠤ ᠨᠠᠮ ᠪᠠ ᠣᠯᠠᠨ ᠲᠦᠮᠡᠨ ᠤ  ᠦᠢᠯᠡᠴᠢᠯᠡᠭᠡᠨ ᠤ ᠲᠥᠪ ᠡᠨᠡ ᠬᠦ ᠬᠥᠮᠦᠰ ᠴᠤᠭᠯᠠᠷᠠᠭᠰᠠᠨ ᠴᠣᠩᠬᠤᠪᠴᠢ ᠨᠢᠭᠡᠴᠢ ᠶᠢᠨ ᠡᠭᠦᠳᠡᠨ ᠳᠤ ︽ᠨᠢᠭᠦᠯᠡᠰᠦᠩᠭᠦᠶ ᠶᠢᠨ ᠦᠢᠯᠡᠰ ᠲᠤ ᠭᠠᠷ ᠬᠤᠯᠪᠣᠨ ᠣᠷᠣᠯᠴᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠶ᠎ᠠ︾ ᠭᠡᠬᠦ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠡᠬᠢᠯᠡᠭᠦᠯᠪᠡ᠃ ᠡᠭᠦᠨ ᠤ ᠬᠠᠮᠲᠤ ᠲᠤᠬᠠᠶ ᠶᠢᠨ ᠲᠠᠯᠠᠪᠤᠷ ᠤᠨ ᠤᠬᠠᠭᠤᠯᠭ᠎ᠠ ᠶᠢ ᠥᠷᠨᠢᠭᠦᠯᠵᠦ᠂ ᠨᠢᠭᠦᠯᠡᠰᠦᠩᠭᠦᠶ ᠶᠢᠨ ᠮᠡᠳᠡᠯᠭᠡ ᠶᠢᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠣᠯᠠᠨ ᠲᠦᠮᠡᠨ ᠠᠴᠠ ᠠᠰᠠᠭᠤᠨ ᠯᠠᠪᠯᠠᠭᠰᠠᠨ ᠨᠢᠭᠦᠯᠡᠰᠦᠩᠭᠦᠶ ᠶᠢᠨ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ᠂ ︽ᠨᠢᠭᠦᠯᠡᠰᠦᠩᠭᠦᠶ ᠶᠢᠨ ᠬᠠᠤᠯᠢ︾ ᠶᠢ ᠲᠦᠭᠡᠮᠡᠯᠵᠢᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠤᠨ ᠨᠢᠭᠦᠯᠡᠰᠦᠩᠭᠦᠶ ᠶᠢᠨ ᠦᠢᠯᠡᠰ ᠲᠤ ᠠᠩᠬᠠᠷᠤᠯ ᠲᠠᠯᠪᠢᠵᠤ᠂ ᠨᠢᠭᠦᠯᠡᠰᠦᠩᠭᠦᠶ ᠶᠢᠨ ᠦᠢᠯᠡᠰ ᠲᠤ ᠰᠡᠳᠬᠢᠯ ᠲᠠᠯᠪᠢᠵᠤ᠂ ᠨᠢᠭᠦᠯᠡᠰᠦᠩᠭᠦᠶ ᠶᠢᠨ  ᠦᠢᠯᠡᠰ ᠲᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠪᠠ᠃    ᠭᠤᠷᠪᠠ ᠳᠤ᠂ ᠨᠡᠶᠢᠭᠡᠮ ᠲᠣᠭᠤᠷᠢᠭ ᠤᠨ ᠠᠯᠢ ᠤᠯᠠᠨ ︽ᠪᠢᠴᠢᠯ ᠨᠢᠭᠦᠯᠡᠰᠦᠩᠭᠦᠶ︾ ᠶᠢᠨ ᠠᠵᠢᠯᠯᠠᠭ᠎ᠠ ᠶᠢ ᠵᠣᠬᠢᠶᠠᠨ  ᠪᠠᠶᠢᠭᠤᠯᠪᠠ᠃ ᠠᠤᠬᠠᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ︽ᠨᠡᠶᠢᠭᠡᠮ ᠲᠣᠭᠤᠷᠢᠭ + ᠨᠢᠭᠦᠯᠡᠰᠦᠩᠭᠦᠶ ᠶᠢᠨ ᠦᠢᠯᠡᠰ︾ ᠤᠨ ᠵᠠᠭᠪᠤᠷ ᠢ ᠳᠥᠯᠭᠢᠨ ᠠᠬᠢᠭᠤᠯᠵᠤ᠂ ᠠᠵᠢᠯᠲᠠᠨ ᠪᠠ ᠰᠠᠶᠢᠨ ᠳᠤᠷ᠎ᠠ ᠶᠢᠨ ᠠᠵᠢᠯᠯᠠᠭᠴᠢᠳ ᠢ ᠵᠣᠬᠢᠶᠠᠨ ᠪᠠᠶᠢᠭᠤᠯᠤᠨ ᠨᠡᠶᠢᠭᠡᠮ ᠲᠣᠭᠤᠷᠢᠭ᠂ ᠲᠣᠰᠬᠤᠨ ᠳᠤ ᠭᠦᠨᠵᠡᠭᠡᠶᠢᠷᠡᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠢ ᠥᠷᠭᠡᠨ ᠢᠶᠠᠷ ᠳᠠᠶᠢᠴᠢᠯᠠᠨ ᠬᠥᠲᠥᠯᠦᠨ ᠵᠢᠯᠣᠭᠤᠳᠴᠤ ᠪᠠᠶᠢᠭᠠᠳ ᠨᠢᠭᠦᠯᠡᠰᠦᠩᠭᠦᠶ ᠶᠢᠨ ᠠᠵᠢᠯᠯᠠᠭ᠎ᠠ ᠳᠤ ᠣᠷᠣᠯᠴᠠᠭᠤᠯᠵᠤ᠂ ᠤᠬᠠᠭᠤᠯᠭ᠎ᠠ ᠶᠢᠨ ᠡᠯᠭᠦᠭᠡ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠰᠠᠮᠪᠠᠷ᠎ᠠ ᠶᠢ ᠳᠡᠯᠭᠡᠬᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠨᠢᠭᠦᠯᠡᠰᠦᠩᠭᠦᠶ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠨᠡᠶᠢᠭᠡᠮ ᠲᠣᠭᠤᠷᠢᠭ ᠲᠤ ᠭᠦᠨᠵᠡᠭᠡᠶᠢᠷᠡᠭᠦᠯᠦᠨ᠂ ᠣᠯᠠᠨ ᠲᠦᠮᠡᠨ ᠲᠠᠢ ᠣᠶᠢᠷᠠᠲᠤᠭᠤᠯᠪᠠ᠃ ᠣᠯᠠᠨ ᠲᠦᠮᠡᠨ ᠨᠢᠭᠦᠯᠡᠰᠦᠩᠭᠦᠶ ᠶᠢᠨ ᠰᠣᠶᠣᠯ ᠤᠨ ᠵᠣᠷᠢᠭ ᠰᠠᠨᠠᠭᠠᠨ ᠤ ᠨᠥᠯᠥᠭᠡᠯᠡᠯ ᠳᠣᠤᠷ᠎ᠠ᠂ ᠰᠠᠨᠠᠭᠠᠴᠢᠯᠠᠭ᠎ᠠ ᠠᠴᠠ ᠪᠠᠨ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠣᠯᠴᠠᠵᠤ᠂ ᠪᠥᠬᠦ ᠬᠤᠰᠢᠭᠤᠨ ᠤ ᠬᠡᠪᠴᠢᠶᠡᠨ ᠳᠤ ᠭᠦᠨ ᠵᠤᠵᠠᠭᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠪᠠ᠃    ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 10 ᠬᠥᠨᠳᠡᠯᠡᠨ ᠪᠢᠴᠢᠭᠡᠰᠦ ᠶᠢ ᠡᠯᠭᠦᠵᠦ᠂ 5 ᠤᠬᠠᠭᠤᠯᠭ᠎ᠠ ᠶᠢᠨ ᠰᠠᠮᠪᠠᠷ᠎ᠠ ᠶᠢ ᠳᠡᠯᠭᠡᠨ ᠲᠠᠯᠪᠢᠵᠤ᠂ 2000 ᠭᠠᠷᠤᠶ ᠬᠤᠪᠢ ᠤᠬᠠᠭᠤᠯᠭ᠎ᠠ ᠶᠢᠨ ᠥᠩᠭᠡᠲᠦ ᠬᠠᠭᠤᠳᠠᠰᠤ ᠶᠢ ᠲᠠᠷᠬᠠᠭᠠᠵᠠᠶ᠃ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ ᠨᠡᠶᠢᠭᠡᠮ ᠨᠡᠶᠢᠲᠡ ᠶᠢᠨ ᠨᠢᠭᠦᠯᠡᠰᠦᠩᠭᠦᠶ ᠶᠢᠨ ᠦᠢᠯᠡᠰ ᠲᠤ ᠣᠷᠣᠯᠴᠠᠬᠤ ᠶᠢ  ᠭᠦᠢᠴᠡᠳ ᠳᠠᠶᠢᠴᠢᠯᠠᠭᠰᠠᠨ  ᠪᠦᠭᠡᠳ ᠬᠥᠲᠥᠯᠥᠨ ᠵᠢᠯᠣᠭᠤᠳᠴᠤ᠂ ᠪᠠᠭ᠎ᠠ ᠬᠠᠶᠢᠷ᠎ᠠ ᠶᠢ ᠬᠤᠷᠠᠮᠳᠤᠭᠤᠯᠤᠨ ᠶᠡᠭᠡ ᠬᠠᠶᠢᠷ᠎ᠠ ᠪᠣᠯᠭᠠᠵᠤ᠂  ᠦᠨᠡᠨᠬᠦ ᠰᠠᠶᠢᠨ ᠰᠠᠶᠢᠬᠠᠨ ᠢ ᠤᠯᠠᠮᠵᠢᠯᠠᠨ᠂ ᠢᠳᠡᠪᠬᠢ ᠬᠦᠴᠦᠨ ᠢ ᠳᠠᠮᠵᠢᠭᠤᠯᠵᠤ᠂ ︽ᠭᠠᠷ ᠬᠤᠯᠪᠣᠨ ᠨᠢᠭᠦᠯᠡᠰᠦᠩᠭᠦᠶ ᠶᠢᠨ  ᠦᠢᠯᠡᠰ ᠲᠤ ᠣᠷᠣᠯᠴᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠨ ᠪᠠᠶᠢᠭᠤᠯᠬᠤ︾ ᠶᠢ ᠬᠡᠪ ᠵᠠᠩᠰᠢᠯ ᠪᠣᠯᠭᠠᠭᠰᠠᠨ ᠪᠠᠶᠢᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号